ᠮᠠᠨ ᠤ ᠬᠤᠰᠢᠭᠤ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠦᠴᠦᠯᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2020/6/24
         ᠥᠨᠤ ᠵᠢᠯ ᠤᠨ ᠳᠣᠷᠰᠢ᠂ ᠮᠠᠨ ᠤ ᠬᠤᠰᠢᠭᠤᠨ ᠤ ᠡᠯ᠎ᠡ ᠰᠤᠮᠤ ᠪᠠᠯᠭᠠᠰᠤ ᠨᠢ ᠣᠯᠠᠨ ᠵᠥᠢᠯ ᠤᠨ ᠠᠷᠭ᠎ᠠ ᠬᠡᠮᠵᠢᠶ᠎ᠡ ᠠᠪᠴᠤ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠦᠴᠦᠯᠡᠨ ᠠᠬᠢᠭᠤᠯᠵᠤ ᠪᠤᠢ᠃ ᠨᠢᠬᠡ ᠳᠤ ᠮᠠᠯᠵᠢᠬᠤ ᠤᠷᠤᠨ ᠤ ᠤᠷᠴᠢᠨ ᠳᠣᠭᠤᠷᠢᠨ ᠢ ᠴᠡᠭᠴᠡᠯᠡᠨ ᠵᠠᠰᠠᠬᠤ ᠠᠵᠢᠯ ᠢ ᠬᠦᠴᠦᠯᠡᠨ ᠥᠷᠨᠢᠬᠦᠯᠥᠨ᠎ᠡ᠃ ᠠᠮᠢᠳᠤᠷᠠᠯ ᠤᠨ ᠬᠤᠭ ᠨᠣᠪᠰᠢ᠂ ᠪᠣᠬᠢᠷ ᠤᠰᠤ᠂ ᠵᠣᠷᠯᠣᠩ ᠤᠨ ᠪᠤᠬᠢᠷᠳᠣᠯ ᠪᠠ ᠭᠠᠴᠠᠭᠠᠨ ᠤ ᠲᠦᠷᠢ ᠪᠠᠶᠢᠳᠠᠯ ᠢᠶᠠᠷ ᠭᠤᠣᠯᠳᠠᠯᠭ᠎ᠠ ᠪᠣᠯᠭᠠᠭᠰᠠᠨ ︽ᠭᠤᠷᠪᠠ ᠶᠢ ᠵᠠᠰᠠᠵᠤ ᠨᠢᠭᠡ ᠶᠢ ᠲᠡᠭᠡᠭᠰᠢᠯᠡᠭᠦᠯᠬᠦ︾ ᠠᠷᠢᠭᠤᠨ ᠴᠡᠪᠡᠷ ᠡᠷᠡᠬᠦᠯ ᠬᠠᠮᠠᠭᠠᠯᠠᠯ ᠤᠨ ᠭᠦᠳᠡᠯᠭᠡᠭᠡᠨ ᠢ ᠰᠠᠶᠢᠲᠤᠷ ᠠᠳᠬᠤᠵᠤ᠂ ᠵᠢᠯ ᠤᠨ ᠳᠣᠳᠣᠷ᠎ᠠ 733 ᠢᠵᠢ ᠮᠠᠯᠵᠢᠬᠤ ᠣᠷᠣᠨ ᠤ ᠵᠣᠷᠯᠣᠩ ᠢ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ ᠰᠤᠮᠤ ᠪᠠᠯᠭᠠᠰᠤᠨ ᠤ ᠬᠤᠭ ᠨᠣᠪᠰᠢ ᠶᠢ ᠴᠡᠪᠡᠷᠯᠡᠨ ᠰᠢᠢᠳᠪᠤᠷᠢᠯᠡᠬᠦ ᠰᠢᠰᠲ᠋ᠧᠮ ᠢ ᠪᠠᠶᠢᠭᠤᠯᠬᠤ ᠪᠠᠷ ᠴᠢᠷᠮᠠᠶᠢᠨ᠎ᠠ᠃ ᠬᠤᠶᠠᠷ ᠲᠤ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠵᠢᠯ ᠤᠨ ᠳᠣᠲᠣᠷ᠎ᠠ 2500 ᠦᠭᠡᠷ ᠤᠨ ᠭᠠᠷ ᠭᠡᠭᠡᠯᠳᠣᠭᠦᠯᠭᠡ ᠶᠢᠨ ᠠᠵᠢᠯ ᠢ ᠪᠡᠶᠡᠯᠡᠬᠦᠯᠵᠤ᠂ 5.2 ᠲᠦᠮᠡᠨ ᠲᠣᠯᠣᠭᠠᠢ ᠦᠭᠡᠷ ᠤᠨ ᠡᠭᠦᠯᠲᠡᠷ ᠰᠠᠶᠢᠵᠢᠷᠠᠭᠤᠯᠵᠦ᠂ 300 ᠲᠣᠯᠣᠭᠠᠢ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠣᠷᠣᠭᠤᠯᠵᠤ᠂ 8 ᠭᠤᠣᠯᠳᠠᠯᠭᠠᠳᠣ ᠰᠦᠷᠦᠭ 620 ᠲᠣᠯᠣᠭᠠᠢ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠬᠡᠪᠴᠢᠶᠡᠵᠯ ᠳᠤ ᠬᠦᠷᠭᠡᠨ᠎ᠡ᠃ ᠭᠤᠷᠪᠠ ᠳᠤ ᠨᠡᠶᠢᠭᠡᠮᠴᠢᠯᠡᠭᠰᠡᠨ ᠥᠢᠯᠡᠴᠢᠯᠡᠬᠡᠨ ᠤ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠦᠨ᠎ᠡ᠃ ᠵᠢᠯ ᠤᠨ ᠳᠣᠳᠣᠷ᠎ᠠ᠂ 2612 ᠢᠵᠢ ᠣᠰᠣ ᠠᠷᠢᠭᠤᠳᠬᠠᠬᠤ ᠲᠥᠬᠦᠭᠡᠷᠦᠮᠵᠢ ᠶᠢ ᠮᠠᠯᠴᠢᠨ ᠡᠷᠥᠬᠡ ᠳᠤ ᠤᠭᠰᠠᠷᠠᠵᠤ ᠂ 205 ᠠᠮᠠᠰᠠᠷ ᠮᠠᠰᠢᠨ ᠬᠤᠳᠳᠤᠭ ᠢ ᠰᠢᠨ᠎ᠡ ᠪᠠᠷ ᠮᠠᠯᠳᠠᠵᠤ᠂ ᠴᠠᠬᠢᠯᠭᠠᠨ ᠲᠣᠤᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠬᠦᠯᠥᠨ᠂ 10 ᠺᠢᠯᠣᠸᠠᠲ ᠤᠨ ᠴᠠᠬᠢᠯᠭᠠᠨ ᠣᠳᠠᠰᠣ 179 ᠺᠢᠯᠣᠮᠧᠲᠷ᠂ 0.4 ᠺᠢᠯᠣᠸᠠᠲ  ᠤᠨ ᠴᠠᠬᠢᠯᠭᠠᠨ ᠣᠳᠠᠰᠣ 21 ᠺᠢᠯᠣᠮᠧᠲᠷ ᠲᠠᠳᠠᠵᠦ᠂ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡᠨ ᠤ ᠲᠤᠷᠰᠢᠯᠲᠠ ᠶᠢᠨ ᠴᠢᠭ ᠪᠠ ᠤᠯᠠᠨ ᠨᠡᠶᠢᠲᠡ ᠶᠢᠨ ᠰᠤᠶᠤᠯ ᠢ ᠮᠠᠯᠴᠢᠨ ᠡᠷᠦᠬᠡ ᠳᠤ ᠬᠥᠷᠬᠡᠬᠦ ᠢᠨᠵᠧᠨᠧᠷᠢᠩ ᠢ ᠠᠬᠢᠭᠤᠯᠤᠨ᠂ 17 ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠵᠤ᠂ 85 ᠺᠢᠯᠣᠮᠧᠲᠷ ᠰᠥᠯᠵᠢᠶ᠎ᠡ ᠬᠤᠯᠪᠤᠭ᠎ᠠ ᠳᠠᠮᠵᠢᠭᠤᠯᠬᠤ ᠢᠨᠵᠧᠨᠧᠷᠢᠩ ᠢ ᠳᠠᠭᠤᠰᠬᠠᠵᠤ᠂ 2000 ᠡᠷᠦᠬᠡ ᠳᠤ ᠲᠣᠣᠷ ᠰᠦᠯᠵᠢᠶ᠎ᠡ ᠨᠡᠪᠲᠡᠷᠡᠭᠦᠯᠦᠨ᠎ᠡ᠃
 
ᠢᠷᠡᠯᠲᠡ᠄ ᠰᠥᠨᠢᠳ ᠵᠡᠬᠦᠨ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号