ᠰᠠᠭᠠᠬ᠎ᠠ ᠶᠢᠨ ᠴᠠᠶᠢᠯᠠᠯᠭ᠎ᠠ
ᠨᠡᠶᠢᠲᠡᠯᠡᠭᠰᠡᠨ ᠴᠠᠭ᠄
2020/6/28
        ᠰᠦᠨᠢᠳᠴᠤᠳ ᠵᠤᠨ ᠤ ᠤᠯᠠᠷᠢᠯ ᠳᠤ ᠰᠠᠭᠠᠬ᠎ᠠ ᠲᠠᠯᠪᠢᠵᠤ ᠰᠦ ᠴᠠᠭᠠᠨ ᠢᠳᠡᠭᠡ ᠪᠠᠨ ᠪᠤᠯᠪᠠᠰᠤᠷᠠᠭᠤᠯᠵᠤ ᠠᠶᠢᠯ ᠰᠠᠭᠠᠬᠠᠯᠲᠠ ᠪᠠᠷ ᠢᠶᠠᠨ ᠰᠠᠶᠢᠨ ᠰᠠᠶᠢᠬᠠᠨ ᠠᠵᠤ ᠲᠥᠷᠦᠳᠡᠭ ᠥᠨᠢ ᠬᠤᠯᠠ ᠶᠢᠨ ᠤᠯᠠᠮᠵᠢᠯᠠᠯ ᠲᠠᠢ ᠶᠤᠮ᠃         ᠰᠦᠨᠢᠳᠴᠤᠳ ᠵᠤᠨ ᠰᠠᠭᠠᠬ᠎ᠠ ᠪᠠᠭᠤᠬᠤ ᠳᠠᠭᠠᠨ ᠰᠠᠭᠠᠬᠠᠯᠲᠠ ᠪᠣᠯᠤᠭᠰᠠᠨ ᠠᠶᠢᠯ ᠤᠳ ᠬᠠᠷᠢᠯᠴᠠᠨ ᠵᠠᠯᠠᠯᠭ᠎ᠠ ᠲᠠᠯᠪᠢᠵᠤ ᠰᠠᠭᠠᠬ᠎ᠠ ᠶᠢᠨ ᠴᠠᠶᠢᠯᠠᠯᠭ᠎ᠠ ᠬᠢᠳᠡᠭ ᠶᠣᠰᠤᠨ ᠪᠣᠢ᠃ ᠪᠡᠯᠭᠡ ᠳᠡᠮᠪᠡᠷᠡᠯ ᠲᠠᠢ ᠦᠯᠵᠡᠶᠢᠲᠦ ᠰᠠᠶᠢᠬᠠᠨ ᠡᠳᠦᠷ ᠰᠠᠭᠠᠬ᠎ᠠ ᠶᠢᠨ ᠠᠶᠢᠯ ᠰᠠᠭᠠᠬ᠎ᠠ ᠪᠠᠭᠤᠬᠤ ᠲᠤᠭᠲᠠᠭᠰᠠᠨ ᠭᠠᠵᠠᠷ ᠲᠠᠭᠠᠨ ᠪᠠᠭᠤᠵᠤ ᠵᠤᠨ ᠤ ᠰᠠᠭᠠᠬ᠎ᠠ ᠵᠦᠷᠢᠭᠦᠯᠬᠦ ᠪᠣᠯᠣᠨ᠎ᠠ᠃ ᠢᠩᠬᠢᠬᠦ ᠳᠡᠭᠡᠨ ᠰᠠᠭᠠᠬ᠎ᠠ ᠪᠠᠭᠤᠬᠤ ᠠᠶᠢᠯ ᠬᠤᠷᠠᠭ᠎ᠠ ᠢᠰᠢᠭᠡ ᠪᠠᠨ ᠵᠦᠷᠢᠭᠦᠯᠬᠦ ᠠᠴᠠ ᠡᠮᠦᠨ᠎ᠡ ᠬᠠᠷᠢᠯᠴᠠᠨ ᠭᠡᠷ ᠭᠡᠷ ᠲᠡᠭᠡᠨ ᠵᠠᠯᠠᠯᠭ᠎ᠠ ᠲᠠᠯᠪᠢᠵᠤ ᠰᠠᠭᠠᠬ᠎ᠠ ᠶᠢᠨ ᠴᠠᠢ ᠤᠤᠭᠤᠵᠤ᠂ ᠰᠠᠭᠠᠬ᠎ᠠ ᠶᠢᠨ ᠢᠳᠡᠭᠡ ᠵᠦᠷᠢᠭᠦᠯᠬᠦ ᠵᠠᠩ ᠦᠢᠯᠡ ᠶᠢ ᠭᠦᠢᠴᠡᠳᠭᠡᠨ᠎ᠡ᠃         ᠰᠠᠭᠠᠬ᠎ᠠ ᠶᠢᠨ ᠴᠠᠢ ᠤᠤᠭᠤᠬᠤ ᠨᠢ ᠰᠠᠭᠠᠬ᠎ᠠ ᠵᠦᠷᠢᠭᠦᠯᠬᠦ ᠬᠤᠭᠤᠴᠠᠭᠠᠨ ᠳᠤ ᠬᠠᠷᠢᠯᠴᠠᠨ ᠬᠠᠪᠰᠤᠷᠤᠯᠴᠠᠨ ᠡᠪ ᠨᠦᠭᠦᠷᠰᠡᠭ ᠰᠠᠶᠢᠬᠠᠨ ᠬᠠᠯᠠᠮᠵᠢᠯᠠᠵᠤ᠂ ᠳᠡᠯᠭᠡᠷ ᠵᠤᠨ ᠤ ᠤᠯᠠᠷᠢᠯ ᠢ ᠪᠠᠶᠠᠷ ᠪᠠᠶᠠᠰᠬᠤᠯᠠᠩ ᠲᠠᠢ ᠦᠩᠭᠡᠷᠡᠭᠦᠯᠬᠦ ᠠᠭᠤᠯᠭ᠎ᠠ ᠬᠡᠯᠪᠡᠷᠢ ᠪᠠᠷ ᠶᠠᠪᠤᠭᠳᠠᠵᠤ᠂ ᠬᠠᠷᠢᠯᠴᠠᠨ ᠬᠦᠨᠳᠦᠳᠭᠡᠯ ᠢᠶᠠᠨ ᠢᠯᠡᠷᠭᠡᠶᠢᠯᠡᠳᠡᠭ᠃
 
ᠢᠷᠡᠯᠲᠡ᠄ ᠰᠥᠨᠢᠳ ᠵᠡᠬᠦᠨ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号