ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 6 ᠰᠠᠷ᠎ᠠ ᠶᠢᠨ 19 ᠤ ᠡᠳᠦᠷ ᠤᠨ ᠮᠡᠳᠡᠭᠡ ︵ | ᠰᠤᠷᠪᠤᠯᠵᠢᠯᠠᠭᠴᠢ ᠵᠤᠤ ᠡᠸ᠋ ᠨᠦᠸᠧ ᠵᠠᠩ ᠱᠦᠸᠧ ᠳ᠋ᠢᠩ ᠶᠠ ᠰᠦᠩ︶ ᠰᠤᠷᠭᠠᠨ ᠬᠦᠮᠦᠵᠢᠯ ᠤᠨ ᠶᠠᠮᠤᠨ | ᠰᠤᠷᠤᠯᠭ᠎ᠠ ᠪᠠᠨ ᠳᠤᠷᠭᠤᠨ ᠵᠣᠭᠰᠤᠬᠤ ᠶᠢ ᠬᠢᠵᠠᠭᠠᠷᠯᠠᠨ ᠰᠤᠷᠤᠯᠭ᠎ᠠ ᠶᠢ ᠪᠠᠳᠤᠯᠠᠬᠤ ᠭᠤᠣᠯ ᠡᠭᠦᠷᠬᠡ ᠳᠤ ᠠᠩᠬᠠᠷᠤᠯ | ᠲᠥᠪᠯᠡᠷᠡᠬᠦᠯᠵᠦ᠂ ᠰᠤᠷᠤᠯᠭ᠎ᠠ ᠪᠠᠨ ᠳᠤᠷᠭᠤᠨ ᠵᠤᠭᠰᠤᠬᠤ ᠶᠢ ᠬᠢᠵᠠᠭᠠᠷᠯᠠᠨ ᠰᠤᠷᠤᠯᠭ᠎ᠠ ᠶᠢ ᠪᠠᠳᠤᠯᠠᠬᠤ ᠲᠤᠰᠬᠠᠢ | ᠠᠵᠢᠯᠯᠠᠭ᠎ᠠ ᠶᠢ ᠢᠳᠡᠪᠬᠢᠳᠡᠢ ᠥᠷᠨᠢᠬᠦᠯᠦᠨ᠂ ᠰᠤᠷᠤᠯᠭ᠎ᠠ ᠪᠠᠨ ᠳᠤᠷᠭᠤᠨ ᠵᠤᠭᠰᠤᠬᠤ ᠶᠢ ᠣᠨᠤᠪᠴᠢᠲᠠᠢ ᠬᠢᠵᠠᠭᠠᠷᠯᠠᠬᠤ | ᠤᠷᠲᠤ ᠬᠤᠭᠤᠴᠠᠭᠠᠨ ᠤ ᠪᠦᠳᠦᠮᠵᠢᠲᠠᠢ ᠲᠤᠭᠳᠠᠴᠠ ᠶᠢ ᠪᠦᠷᠢᠨᠰᠢᠬᠦᠯᠪᠡ᠃ ᠡᠯ᠎ᠡ ᠭᠠᠵᠠᠷ ᠤᠨ ᠬᠢᠨ ᠬᠤᠯᠪᠤᠭᠠᠯᠠᠨ | ᠡᠵᠡᠮᠳᠡᠵᠦ ᠬᠤᠯᠪᠤᠭᠠᠯᠠᠨ ᠪᠠᠳᠤᠯᠠᠬᠤ ᠬᠠᠷᠢᠭᠤᠴᠠᠯᠭ᠎ᠠ ᠶᠢᠨ ᠲᠥᠷᠢᠮ ᠢ ᠲᠤᠭᠳᠠᠭᠠᠵᠤ᠂ ᠪᠤᠭᠤᠮᠲᠠ ᠰᠢᠪᠲᠤᠯᠬᠤ | ᠰᠢᠢᠳᠪᠦᠷᠢᠲᠦ ᠲᠠᠶᠢᠯᠠᠯᠳᠤᠭᠠᠨ ᠢ ᠬᠦᠴᠦ ᠬᠠᠮᠳᠤᠷᠠᠨ ᠰᠠᠶᠢᠲᠤᠷ ᠬᠢᠪᠡ᠃ 6 ᠰᠠᠷ᠎ᠠ ᠶᠢᠨ 14 ᠤ ᠡᠳᠦᠷ ᠪᠣᠯᠲᠠᠯ᠎ᠠ᠂ | ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠤᠯᠭ᠎ᠠ ᠪᠠᠨ ᠳᠤᠷᠭᠤᠨ | ᠵᠤᠭᠰᠤᠭᠰᠠᠨ ᠰᠤᠷᠤᠭᠴᠢ 2019 ᠣᠨ ᠤ 5 ᠰᠠᠷ᠎ᠠ ᠳᠤ 60 ᠲᠥᠮᠡᠨ ᠬᠦᠮᠦᠨ ᠪᠠᠶᠢᠭᠰᠠᠨ ᠠᠴᠠ ᠪᠠᠨ 6781 | ᠬᠦᠮᠦᠨ ᠪᠤᠯᠤᠨ ᠪᠠᠭᠠᠰᠴᠤ᠂ 99% ᠰᠢᠬᠠᠮ ᠪᠠᠭᠤᠷᠠᠪᠠ᠃ ᠶᠠᠳᠠᠭᠤ ᠠᠴᠠ ᠠᠩᠭᠢᠵᠢᠷᠠᠭᠠᠳᠤᠢ ᠶᠠᠳᠠᠭᠤ | ᠬᠦᠴᠢᠷᠳᠡᠯᠳᠡᠢ 52 ᠰᠢᠶᠠᠨ ᠤ ᠰᠤᠷᠤᠯᠭ᠎ᠠ ᠪᠠᠨ ᠳᠤᠷᠭᠤᠨ ᠵᠤᠭᠰᠤᠭᠰᠠᠨ ᠰᠤᠷᠤᠭᠴᠢ 8.2 ᠲᠦᠮᠡ | ᠪᠠᠶᠢᠭᠰᠠᠨ ᠠᠴᠠ ᠪᠠᠨ 433 ᠬᠦᠮᠦᠨ ᠪᠤᠯᠤᠨ ᠬᠠᠰᠤᠭᠲᠠᠨ᠂ 99.5% ᠪᠠᠷ ᠪᠠᠭᠤᠷᠠᠪᠠ᠃ ᠶᠠᠳᠠᠭᠤ ᠠᠴᠠ | ᠠᠩᠭᠢᠵᠢᠷᠠᠭᠠᠳᠤᠢ 52 ᠰᠢᠶᠠᠨ ᠪᠣᠯ ︽ᠠᠯᠪᠠᠨ ᠵᠢᠷᠣᠮ ᠤᠨ ᠰᠤᠷᠭᠠᠨ ᠬᠦᠮᠦᠵᠢᠯ ᠬᠦᠷᠳᠡᠭᠡᠬᠦ ᠶᠢ ᠪᠠᠳᠤᠯᠠᠬᠤ︾ | ᠬᠠᠷᠠᠯᠲᠠ ᠶᠢ ᠪᠡᠶᠡᠯᠡᠬᠦᠯᠬᠦ ᠭᠤᠣᠯ ᠲᠠᠯᠠᠪᠤᠷ ᠪᠤᠯᠤᠨ᠎ᠠ᠃ ᠰᠤᠷᠭᠠᠨ ᠬᠦᠮᠦᠵᠢᠯ ᠤᠨ ᠶᠠᠮᠤᠨ ︽ᠭᠤᠷᠪᠠᠨ ᠣᠷᠤᠨ | ᠭᠤᠷᠪᠠᠨ ᠵᠸᠦ︾ ᠪᠠᠷ ᠰᠢᠢᠳᠪᠦᠷᠢᠲᠦ ᠳᠠᠶᠢᠯᠠᠯᠳᠤᠭᠠᠨ ᠬᠢᠬᠦ ᠭᠠᠵᠠᠷ ᠪᠤᠯᠭᠠᠵᠤ᠂ ᠰᠤᠷᠤᠯᠭ᠎ᠠ ᠪᠠᠨ ᠳᠤᠷᠭᠤᠨ | ᠵᠤᠭᠰᠤᠬᠤ ᠶᠢ ᠬᠢᠵᠠᠭᠠᠷᠯᠠᠵᠤ᠂ ᠰᠤᠷᠤᠯᠭ᠎ᠠ ᠶᠢ ᠪᠠᠳᠤᠯᠠᠬᠤ ᠪᠠᠷ ᠭᠤᠣᠯ ᠰᠢᠪᠳᠤᠯᠤᠯᠲᠠ ᠶᠢᠨ ᠴᠡᠭ ᠪᠣᠯᠭᠠᠨ᠂ | ᠲᠥᠷᠦ ᠶᠢᠨ ᠪᠤᠳᠤᠯᠭ᠎ᠠ ᠪᠡᠯᠡ ᠮᠦᠩᠭᠦ᠂ ᠲᠥᠷᠦᠯ ᠵᠦᠢᠯ ᠤᠨ ᠲᠠᠯ᠎ᠠ ᠪᠠᠷ ᠢᠯᠡᠬᠦᠦ ᠳᠡᠮᠵᠢᠯᠭᠡ ᠦᠵᠡᠬᠦᠯᠬᠦ ᠪᠠᠨ | ᠦᠷᠬᠦᠯᠵᠢᠯᠡᠨ ᠨᠡᠮᠡᠭᠳᠡᠬᠦᠯᠵᠦ᠂ ᠰᠢᠯᠢᠳᠡᠭ ᠬᠦᠴᠦᠨ ᠢ ᠵᠤᠬᠢᠶᠠᠨ ᠪᠠᠶᠢᠭᠤᠯᠤᠨ ᠠᠰᠠᠭᠤᠳᠠᠯ ᠢ ᠡᠮᠬᠢᠯᠡᠵᠦ᠂ | ᠠᠵᠢᠯ ᠢᠶᠠᠨ ᠬᠤᠪᠢᠶᠠᠷᠢᠯᠠᠨ ᠬᠡᠰᠡᠭ ᠢ ᠲᠠᠭᠠᠭᠠᠴᠢᠯᠠᠵᠤ᠂ ᠬᠦᠴᠦᠲᠠᠢ ᠬᠠᠪᠰᠤᠷᠤᠨ ᠲᠡᠳᠬᠦᠵᠦ᠂ ᠫᠠᠶᠢᠰᠠ ᠡᠯᠬᠦᠨ | ᠳᠠᠶᠢᠯᠠᠯᠳᠤᠭᠠᠨ ᠢ ᠬᠢᠨᠠᠨ ᠵᠢᠯᠤᠭᠤᠳᠪᠠ᠃ ᠲᠠᠨᠢᠯᠴᠠᠭᠤᠯᠤᠭᠰᠠᠨ ᠢᠶᠠᠷ᠂ ᠰᠤᠷᠭᠠᠨ ᠬᠦᠮᠦᠵᠢᠯ ᠤᠨ ᠶᠠᠮᠤᠨ ᠤ ᠨᠠᠮ ᠤᠨ | ᠤᠳᠤᠷᠢᠳᠬᠤ ᠲᠤᠭᠤᠶᠢᠯᠠᠩ ᠤᠨ ᠪᠦᠷᠢᠯᠳᠦᠬᠦᠨ 52 ᠰᠢᠶᠠᠨ ᠢ ᠵᠢᠯᠤᠭᠤᠳᠤᠨ᠂ ᠰᠢᠶᠠᠨ ᠳᠠᠷᠠᠭᠠᠯᠠᠨ ᠰᠤᠷᠤᠯᠭ᠎ᠠ ᠪᠠᠨ | ᠳᠤᠷᠭᠤᠨ ᠵᠤᠭᠰᠤᠬᠤ ᠶᠢ ᠬᠢᠵᠠᠭᠠᠷᠯᠠᠵᠤ᠂ ᠰᠤᠷᠤᠯᠭ᠎ᠠ ᠶᠢ ᠪᠠᠳᠤᠯᠠᠬᠤ ᠠᠵᠢᠯ ᠤᠨ ᠳᠥᠰᠦᠯ ᠢ ᠲᠡᠬᠦᠯᠳᠡᠷᠵᠢᠬᠦᠯᠵᠦ᠂ | ᠰᠤᠷᠤᠭᠴᠢ ᠣᠯᠠᠨᠲᠠᠢ ᠠᠩᠭᠢ ᠣᠯᠠᠨ ᠪᠠᠶᠢᠬᠤ ᠳᠤᠪᠤᠶᠢᠮ᠎ᠠ ᠠᠰᠠᠭᠤᠳᠠᠯ ᠤᠷᠤᠰᠢᠵᠤ ᠪᠠᠶᠢᠭ᠎ᠠ ᠶᠠᠳᠠᠭᠤ | ᠬᠦᠴᠢᠷᠳᠡᠯᠳᠡᠢ ᠰᠢᠶᠡᠨ ᠤ ᠰᠤᠷᠤᠭᠴᠢ ᠣᠯᠠᠨᠲᠠᠢ ᠠᠩᠭᠢ ᠶᠢ ᠦᠬᠡᠢ ᠪᠣᠯᠭᠠᠬᠤ ᠠᠵᠢᠯ ᠲᠥᠰᠦᠯ ᠲᠤᠭᠳᠠᠭᠠᠬᠤ ᠶᠢ | ᠵᠢᠭᠠᠨ ᠵᠢᠯᠤᠭᠤᠳᠴᠤ᠂ ᠪᠠᠭᠰᠢ ᠶᠢᠨ ᠨᠠᠶᠢᠲᠡ ᠶᠢᠨ ᠠᠰᠠᠷᠠᠮᠵᠢ ᠶᠢᠨ ᠪᠤᠯᠪᠠᠰᠤᠷᠠᠯ ᠤᠨ ᠲᠥᠷᠦᠯ ᠵᠦᠢᠯ ᠵᠡᠷᠭᠡ ᠶᠢ | ᠵᠤᠬᠢᠶᠠᠨ ᠪᠠᠶᠢᠭᠤᠯᠤᠨ ᠥᠷᠨᠢᠬᠦᠯᠪᠡ᠃ ᠡᠬᠦᠨ ᠤ ᠬᠠᠮᠲᠤ᠂ ᠶᠠᠳᠠᠭᠤ ᠬᠦᠴᠢᠷᠳᠡᠯᠳᠡᠢ ᠰᠢᠶᠠᠨ ᠳᠤ ᠲᠤᠭᠠᠴᠢᠯᠠᠭᠰᠠᠨ | ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠠᠨᠳᠤᠯᠭ᠎ᠠ ᠲᠠᠢ ᠤᠷᠤᠭᠤᠯᠬᠤ ᠶᠢᠨ ᠵᠡᠷᠭᠡᠪᠡᠷ ᠵᠡᠬᠦᠨ ᠬᠡᠰᠡᠭ ᠤᠨ | ᠬᠦᠭᠵᠢᠭᠰᠡᠨ ᠭᠠᠵᠠᠷ ᠣᠷᠤᠨ ᠤ ᠳᠤᠮᠳᠠᠳᠤ ᠪᠠᠭ᠎ᠠ ᠰᠤᠷᠭᠠᠭᠤᠯᠢ ᠶᠢ ᠵᠤᠬᠢᠶᠠᠨ ᠪᠠᠶᠢᠭᠤᠯᠵᠤ᠂ ᠶᠠᠳᠠᠭᠤ ᠬᠦᠴᠢᠷᠳᠡᠯᠳᠡᠢ | ᠰᠢᠶᠠᠨ ᠤ ᠰᠤᠷᠭᠠᠭᠤᠯᠢ ᠯᠤᠭ᠎ᠠ ᠬᠠᠪᠰᠤᠷᠤᠨ ᠲᠡᠳᠬᠦᠬᠦ ᠬᠠᠷᠢᠴᠠᠭ᠎ᠠ ᠬᠤᠯᠪᠤᠭᠠᠳᠤ ᠪᠠᠶᠢᠭᠤᠯᠤᠨ᠂ ᠶᠠᠳᠠᠭᠤ | ᠬᠦᠴᠢᠷᠳᠡᠯᠳᠡᠢ ᠰᠢᠶᠠᠨ ᠳᠤ ᠬᠠᠨᠳᠤᠭᠤᠯᠤᠭᠰᠠᠨ ᠤᠨᠴᠠᠭᠠᠢ ᠰᠤᠷᠭᠠᠨ ᠬᠦᠮᠦᠵᠢᠯ ᠤᠨ ᠪᠠᠭᠰᠢ ᠶᠢᠨ ᠰᠦᠯᠵᠢᠶᠡᠨ | ᠳᠡᠭᠡᠷᠡᠬᠢ ᠪᠤᠯᠪᠠᠰᠤᠷᠠᠯ ᠢ ᠵᠤᠬᠢᠶᠠᠨ ᠪᠠᠶᠢᠭᠤᠯᠤᠭᠰᠠᠨ ᠢᠶᠠᠷ ᠰᠢᠭᠤᠳ ᠨᠡᠪᠳᠡᠷᠡᠬᠦᠯᠭᠡ ᠳᠤ ᠣᠷᠤᠯᠴᠠᠭᠰᠠᠨ ᠬᠦᠮᠦᠨ ᠤ | ᠲᠤᠭ᠎ᠠ ᠨᠢ 1.5 ᠲᠥᠮᠡ ᠭᠠᠷᠤᠢ ᠬᠦᠮᠦᠨ ᠤᠳᠠᠭ᠎ᠠ ᠳᠤ ᠬᠦᠷᠴᠡᠢ᠃ ︵ᠠᠷᠠᠳ ᠤᠨ ᠰᠦᠯᠵᠢᠶ᠎ᠡ ᠶᠢᠨ ᠮᠤᠩᠭᠤᠯ | ᠸᠢᠴᠧᠲ ᠲᠠᠪᠴᠠᠩ︶ |