︵ᠬᠤᠷᠢᠨ ᠲᠤᠯᠤᠲᠤᠭᠠᠷ ᠲᠤᠭᠠᠲᠤ︶ | ᠣᠶᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠬᠡᠰᠡᠭ ᠭᠠᠵᠠᠷ ᠲᠤ ᠲᠠᠬᠢᠨᠲᠠ ᠢᠯᠡᠷᠡᠵᠦ᠂ ᠬᠢᠯᠢ ᠶᠢᠨ ᠭᠠᠲᠠᠨ᠎ᠠ ᠠᠴᠠ | ᠤᠷᠤᠵᠦ ᠢᠷᠡᠬᠦ ᠬᠢᠵᠢᠭ ᠤᠨ ᠪᠠᠶᠢᠳᠠᠯ ᠦᠷᠭᠦᠯᠵᠢᠯᠡᠨ ᠨᠡᠮᠡᠭᠳᠡᠵᠦ ᠪᠠᠶᠢᠭ᠎ᠠ ᠪᠣᠳᠠᠲᠠᠶ ᠪᠠᠶᠢᠳᠠᠯ ᠤᠨ ᠲᠤᠤᠷ᠎ᠠ᠂ ᠠᠷᠠᠳ | ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠬᠤ ᠶᠢᠨ | ᠲᠥᠯᠥᠭᠡ᠂ ︽ᠭᠠᠳᠠᠭᠠᠳᠤ ᠠᠴᠠ ᠰᠡᠷᠭᠡᠶᠢᠯᠡᠵᠦ᠂ ᠳᠣᠲᠣᠭᠠᠳᠤ ᠠᠴᠠ ᠳᠠᠬᠢᠨ ᠬᠦᠨᠳᠦᠷᠡᠬᠦ ᠶᠢ ᠰᠡᠷᠭᠡᠶᠢᠯᠡᠨ ᠡᠵᠡᠮᠳᠡᠬᠦ︾ | ᠶᠡᠷᠦᠩᠬᠡᠶ ᠠᠷᠭ᠎ᠠ ᠪᠣᠳᠣᠯᠭ᠎ᠠ ᠶᠢ ᠲᠤᠤᠱᠯᠠᠭᠤᠯᠵᠤ᠂ ᠬᠢᠵᠢᠭ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠣᠷ ᠬᠢᠬᠦ ᠶᠢᠨ | ᠬᠠᠮᠳᠣ ᠥᠢᠯᠡᠳᠪᠤᠷᠢᠯᠡᠯ ᠠᠮᠢᠳᠤᠷᠠᠯ ᠢᠶᠠᠨ ᠡᠮᠬᠢ ᠳᠢᠭᠯᠢᠮ ᠲᠠᠢ ᠰᠡᠷᠬᠦᠬᠡᠬᠦ ᠶᠢ ᠲᠥᠷᠭᠡᠳᠬᠡᠵᠦ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾᠂ ︽ | ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ | ᠳᠦᠷᠢᠮ︾᠂ ︽ᠲᠥᠪ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠪᠦᠲᠦᠮᠵᠢᠲᠡᠶ ᠰᠡᠷᠭᠡᠶᠢᠯᠡᠨ | ᠡᠵᠮᠳᠡᠬᠦ ᠶᠢᠨ ᠬᠠᠮᠲᠤ ᠠᠵᠢᠯ ᠥᠢᠯᠡᠳᠪᠤᠷᠢᠯᠡᠯ ᠢᠶᠠᠨ ᠡᠮᠬᠢ ᠵᠢᠷᠤᠮ ᠲᠠᠢ ᠠᠬᠢᠭᠤᠯᠬᠤ ᠲᠤᠬᠠᠶ ᠵᠢᠯᠣᠭᠤᠳᠬᠤ ᠰᠠᠨᠠᠯ︾ | ᠪᠣᠯᠤᠨ ︽ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠢ ᠬᠠᠮᠲᠤᠷᠠᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠥᠬᠦ ᠬᠤᠰᠢᠭᠤᠨ ᠤ ᠬᠡᠪᠴᠢᠶᠡᠨ ᠳᠤ ᠲᠣᠮᠣ ᠬᠡᠯᠪᠡᠷᠢ ᠶᠢᠨ ᠣᠯᠠᠨ | ᠨᠡᠶᠢᠲᠡ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠡᠷᠭᠢᠯᠡᠬᠦ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ | ᠳᠣᠣᠷ᠎ᠠ ᠵᠠᠷᠯᠠᠶ᠎ᠠ᠄ | ᠨᠢᠭᠡ᠂ ᠲᠤᠰ ᠠᠯᠪᠠᠨ ᠵᠠᠷ ᠤᠨ ᠲᠤᠮᠤ ᠬᠡᠯᠪᠡᠷᠢ ᠶᠢᠨ ᠤᠯᠠᠨ ᠨᠡᠶᠢᠲᠡ ᠶᠢᠨ ᠴᠤᠭᠯᠠᠷᠠᠯ ᠤᠨ ᠴᠢᠨᠠᠷᠲᠠᠶ | ᠠᠵᠢᠯᠯᠠᠭ᠎ᠠ ᠭᠡᠳᠡᠭ ᠨᠢ ᠳᠠᠷᠤᠢ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠶᠢᠭᠡᠮ | ᠨᠡᠶᠢᠲᠡ ᠳᠤ ᠬᠠᠨᠳᠤᠭᠤᠯᠤᠨ ᠡᠷᠬᠢᠯᠡᠭᠰᠡᠨ ᠵᠣᠬᠢᠬᠤ ᠬᠥᠮᠦᠨ ᠤ ᠲᠤᠭ᠎ᠠ ᠲᠠᠢ ᠲᠤᠬᠠᠶ ᠶᠢᠨ ᠲᠠᠯᠠᠪᠤᠷ ᠤᠨ | ᠠᠵᠢᠯᠯᠠᠭ᠎ᠠ ᠶᠢ ᠵᠢᠭᠠᠵᠤ ᠪᠤᠢ᠃ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠪᠡᠶ᠎ᠡ ᠲᠠᠮᠢᠷ ᠤᠨ ᠬᠥᠳᠡᠯᠭᠡᠭᠡᠨ᠂ | ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠤᠷᠠᠨ ᠰᠠᠶᠢᠬᠠᠨ ᠤ ᠲᠣᠭᠯᠠᠯᠲᠠ᠂ ᠴᠤᠭᠯᠠᠷᠠᠯ ᠤᠨ ᠴᠢᠨᠠᠷᠲᠠᠶ ᠱᠠᠰᠢᠨ | ᠰᠤᠷᠲᠠᠬᠤᠨ ᠤ ᠠᠵᠢᠯᠯᠠᠭ᠎ᠠ᠂ ᠳᠡᠯᠭᠡᠨ ᠥᠵᠡᠬᠦᠯᠥᠯᠬᠡ ᠪᠠ ᠪᠤᠰᠤᠳ ᠶᠡᠭᠡ ᠬᠡᠪᠴᠢᠶ᠎ᠡ ᠪᠠᠷ ᠴᠤᠭᠯᠠᠷᠠᠯ ᠬᠢᠬᠦ | ᠠᠵᠢᠯᠯᠠᠭ᠎ᠠ ᠵᠡᠷᠭᠡ᠃ | ᠬᠤᠶᠠᠷ᠂ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ | ᠡᠷᠬᠢᠯᠡᠭᠰᠡᠨ ᠲᠠᠯ᠎ᠠ ᠠᠴᠠ ᠳᠣᠰ ᠡᠷᠬᠢᠯᠡᠭᠰᠡᠨ ᠠᠵᠢᠯᠯᠠᠭ᠎ᠠ ᠶᠢᠨ ᠬᠢᠵᠢᠭ ᠰᠡᠷᠭᠡᠶᠢᠯᠡᠨ ᠡᠵᠡᠮᠳᠡᠬᠦ ᠠᠮᠤᠷ ᠲᠥᠪᠰᠢᠨ ᠤ | ᠠᠵᠢᠯ ᠢ ᠬᠠᠷᠢᠭᠤᠴᠠᠨ᠎ᠠ᠃ ᠡᠷᠬᠢᠯᠡᠭᠰᠡᠨ ᠲᠠᠯ᠎ᠠ ᠶᠢᠨ ᠭᠤᠤᠯ ᠬᠠᠷᠢᠭᠤᠴᠠᠯᠭᠠᠲᠠᠨ ᠪᠣᠯ ᠲᠣᠮᠣ ᠬᠡᠯᠪᠡᠷᠢ ᠶᠢᠨ ᠣᠯᠠᠨ | ᠨᠡᠶᠢᠲᠡ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢᠨ ᠬᠢᠵᠢᠭ ᠰᠡᠷᠭᠡᠶᠢᠯᠡᠨ ᠡᠵᠡᠮᠲᠡᠬᠦ ᠠᠮᠤᠷ ᠲᠦᠪᠰᠢᠨ ᠤ | ᠬᠠᠷᠢᠭᠤᠴᠠᠯᠭᠠᠲᠠᠨ ᠪᠣᠯᠤᠨ᠎ᠠ᠃ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠢᠯᠯᠠᠭ᠎ᠠ ᠳᠤ ᠰᠢᠯᠭᠠᠨ | ᠪᠠᠶᠢᠴᠠᠭᠠᠬᠤ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠷᠬᠢᠯᠡᠬᠦ ᠲᠠᠯ᠎ᠠ ᠪᠣᠯᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠨᠢ ᠲᠣᠮᠣ ᠬᠡᠯᠪᠡᠷᠢ ᠶᠢᠨ ᠤᠯᠠᠨ ᠨᠡᠶᠢᠲᠡ ᠶᠢᠨ ᠴᠤᠭᠯᠠᠷᠠᠯ ᠤᠨ ᠴᠢᠨᠠᠷᠲᠠᠶ | ᠠᠵᠢᠯᠯᠠᠭ᠎ᠠ ᠶᠢ ᠴᠢᠩᠭ᠎ᠠ ᠬᠢᠵᠠᠭᠠᠷᠯᠠᠨ᠂ ᠬᠢᠨᠠᠨ ᠬᠠᠷᠭᠤᠭᠤᠯᠵᠤ᠂ ᠵᠣᠬᠢᠶᠠᠨ ᠪᠠᠶᠢᠭᠤᠯᠤᠨ ᠡᠷᠬᠢᠯᠡᠵᠦ᠂ ᠰᠦᠯᠵᠢᠶᠡᠨ | ᠳᠡᠭᠡᠷ᠎ᠡ ᠪᠤᠶᠤ ᠤᠷᠢᠳᠴᠢᠯᠠᠨ ᠪᠣᠯᠵᠣᠬᠤ ᠵᠡᠷᠭᠡ ᠠᠷᠭ᠎ᠠ ᠮᠠᠶ᠋ᠢᠭ ᠢᠶᠠᠷ ᠡᠷᠬᠢᠯᠡᠬᠦ ᠶᠢ ᠰᠠᠨᠠᠭᠠᠴᠢᠯᠠᠬᠤ ᠬᠡᠷᠡᠭᠲᠡᠶ᠃ | ᠭᠤᠷᠪᠠ᠂ ᠡᠷᠬᠡᠪᠰᠢ ᠡᠷᠬᠢᠯᠡᠬᠦ ᠴᠢᠬᠤᠯᠠᠲᠠᠶ ᠪᠤᠯ ᠮᠠᠨ ᠤ ᠬᠤᠰᠢᠭᠤ ᠪᠠ ᠡᠷᠭᠢᠨ ᠲᠣᠭᠤᠷᠢᠨ ᠤ ᠭᠠᠵᠠᠷ | ᠣᠷᠣᠨ ᠤ ᠬᠢᠵᠢᠭ ᠤᠨ ᠪᠠᠶᠢᠲᠠᠯ ᠤᠨ ᠬᠥᠭᠵᠢᠯᠲᠡ ᠶᠢ ᠦᠨᠳᠦᠰᠦᠯᠡᠨ ᠪᠣᠯᠭᠤᠮᠵᠢᠲᠠᠶ ᠡᠷᠬᠢᠯᠡᠵᠦ᠂ ︽ᠠᠵᠢᠯ | ᠲᠥᠷᠥᠯ ᠤᠨ ᠬᠢᠨ ᠢ ᠬᠠᠮᠢᠶᠠᠷᠬᠤ ᠳᠤ ᠡᠷᠬᠡᠪᠰᠢ ᠬᠢᠵᠢᠭ ᠢ ᠰᠡᠷᠭᠡᠶᠢᠯᠡᠨ ᠡᠵᠡᠮᠲᠡᠬᠦ ᠶᠢ ᠬᠠᠮᠢᠶᠠᠷᠬᠤ᠂ ᠲᠤᠬᠠᠶᠢᠯᠠᠭᠰᠠᠨ | ᠠᠵᠢᠯ ᠢ ᠬᠠᠮᠢᠶᠠᠷᠬᠤ ᠳᠤ ᠡᠷᠬᠡᠪᠰᠢ ᠬᠢᠵᠢᠭ ᠢ ᠰᠡᠷᠭᠡᠶᠢᠯᠡᠨ ᠡᠵᠡᠮᠲᠡᠬᠦ ᠢ ᠬᠠᠮᠢᠶᠠᠷᠬᠤ᠂ ᠥᠢᠯᠡᠳᠪᠤᠷᠢᠯᠡᠯ | ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠬᠢᠵᠢᠭ ᠢ ᠰᠡᠷᠭᠡᠶᠢᠯᠡᠨ ᠡᠵᠡᠮᠲᠡᠬᠦ ᠢ ᠬᠠᠮᠢᠶᠠᠷᠬᠤ︾ ᠵᠠᠷᠴᠢᠮ ᠶᠣᠰᠣᠭᠠᠷ | ᠬᠥᠳᠡᠯᠬᠡᠬᠡᠨ ᠡᠷᠬᠢᠯᠡᠬᠦ ᠲᠠᠯ᠎ᠠ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠥᠳᠡᠯᠬᠡᠬᠡᠨ ᠤ ᠲᠠᠯᠠᠪᠤᠷ ᠤᠨ | ᠬᠠᠮᠢᠶᠠᠷᠤᠭᠴᠢ ᠪᠠ ᠬᠥᠳᠡᠯᠬᠡᠬᠡᠨ ᠳᠤ ᠣᠷᠣᠯᠴᠠᠭᠰᠠᠨ ᠬᠥᠮᠦᠰ ᠤᠨ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ | ᠴᠢᠩᠭ᠎ᠠ ᠨᠠᠶᠢᠳᠡᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠠ ᠪᠠᠶᠢᠩᠭᠤᠵᠢᠭᠤᠯᠤᠨ ᠰᠡᠷᠭᠡᠶᠢᠯᠡᠨ | ᠡᠵᠡᠮᠳᠡᠬᠦ ᠶᠢ ᠤᠶᠠᠯᠳᠤᠭᠤᠯᠬᠤ ᠠᠷᠭ᠎ᠠ ᠬᠡᠮᠵᠢᠶ᠎ᠡ ᠪᠠ ᠲᠣᠭᠲᠠᠴᠠ ᠶᠢ ᠲᠡᠬᠦᠯᠲᠡᠷᠵᠢᠭᠦᠯᠬᠦ ᠭᠡᠷᠡᠭᠲᠠᠢ᠃ ᠬᠥᠳᠡᠯᠬᠡᠬᠡᠨ | ᠡᠷᠬᠢᠯᠡᠬᠦ ᠲᠠᠯ᠎ᠠ ᠨᠢ ᠡᠷᠬᠡᠪᠰᠢ ᠨᠠᠷᠢᠨ ᠨᠢᠭᠲᠠ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ ᠶᠢᠨ ᠳᠥᠰᠥᠪ ᠪᠠ ᠬᠢᠵᠢᠭ | ᠰᠡᠷᠭᠡᠶᠢᠯᠡᠨ ᠡᠵᠡᠮᠲᠡᠬᠦ ᠲᠥᠰᠥᠪ ᠢ ᠤᠷᠢᠳᠴᠢᠯᠠᠨ ᠲᠣᠭᠲᠠᠭᠠᠵᠤ᠂ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠢᠶᠠᠷ ᠬᠢᠨᠠᠨ ᠵᠥᠪᠰᠢᠶᠡᠷᠡᠭᠦᠯᠵᠦ ᠲᠠᠩᠰᠠᠯᠠᠭᠤᠯᠤᠭᠰᠠᠨ ᠤ ᠳᠠᠷᠠᠭ᠎ᠠ ᠰᠠᠶ᠋ᠢ ᠡᠷᠬᠢᠯᠡᠵᠦ ᠪᠣᠯᠤᠨ᠎ᠠ᠃ | ᠠᠵᠢᠯᠯᠠᠭ᠎ᠠ ᠶᠢ ᠵᠣᠬᠢᠶᠠᠨ ᠪᠠᠶᠢᠭᠤᠯᠬᠤ ᠲᠥᠰᠥᠪ ᠪᠠ ᠬᠢᠵᠢᠭ ᠰᠡᠷᠭᠡᠶᠢᠯᠡᠨ ᠡᠵᠡᠮᠲᠡᠬᠦ ᠲᠥᠰᠥᠪ ᠨᠢ ᠠᠵᠢᠯᠯᠠᠭ᠎ᠠ ᠶᠢᠨ | ᠣᠨᠴᠠᠯᠢᠭ ᠢ ᠦᠨᠳᠦᠰᠦᠯᠡᠨ᠂ ᠡᠯ᠎ᠡ ᠲᠥᠷᠥᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ | ᠠᠵᠢᠯᠯᠠᠭ᠎ᠠ ᠶᠢᠨ ᠡᠮᠬᠢ ᠳᠢᠭᠯᠢᠮ ᠤᠨ ᠬᠠᠮᠠᠭᠠᠯᠠᠯᠲᠠ ᠶᠢ ᠴᠢᠩᠭ᠎ᠠ ᠬᠡᠷᠡᠭᠵᠢᠬᠦᠯᠵᠦ᠂ ᠡᠷᠬᠡᠪᠰᠢ ᠠᠷᠢᠭᠤᠳᠬᠠᠯ ᠬᠢᠵᠦ | ᠰᠠᠯᠬᠢ ᠨᠡᠪᠳᠡᠷᠡᠬᠦᠯᠥᠨ᠂ ᠣᠷᠴᠢᠨ ᠲᠣᠭᠤᠷᠢᠨ ᠤ ᠠᠷᠢᠭᠤᠨ ᠴᠡᠪᠡᠷ ᠨᠥᠬᠦᠴᠡᠯ ᠳᠣᠤᠷ᠎ᠠ ᠶᠠᠪᠤᠭᠳᠠᠬᠤ ᠶᠢ ᠦᠨᠡᠨᠬᠦ | ᠪᠠᠲᠤᠯᠠᠬᠤ ᠬᠡᠷᠡᠭᠲᠡᠶ᠃ | ᠳᠥᠷᠪᠡ᠂ ᠴᠤᠭᠯᠠᠷᠠᠯ ᠤᠨ ᠴᠢᠨᠠᠷᠲᠠᠶ ᠬᠥᠳᠡᠯᠬᠡᠬᠡᠨ ᠥᠷᠨᠢᠬᠦᠯᠬᠦ ᠠᠴᠠ ᠪᠤᠯᠵᠤ ᠬᠢᠵᠢᠭ ᠡᠭᠦᠰᠬᠦ ᠶᠢ | ᠪᠦᠲᠦᠮᠵᠢᠲᠡᠶ ᠰᠡᠷᠭᠡᠶᠢᠯᠡᠬᠦ ᠶᠢᠨ ᠲᠥᠯᠤᠭᠡ᠂ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠬᠥᠳᠡᠯᠬᠡᠬᠡᠨ ᠡᠷᠬᠢᠯᠡᠬᠦ ᠳᠤ | ᠬᠥᠲᠡᠯᠤᠩᠭᠦᠢ ᠲᠣᠬᠢᠷᠠᠭᠤᠯᠤᠯᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠳᠡᠰ᠂ ᠭᠠᠵᠠᠷ ᠣᠷᠣᠨ ᠤ ᠬᠢᠵᠢᠭ ᠤᠨ | ᠪᠠᠶᠢᠳᠠᠯ ᠤᠨ ᠲᠦᠭᠰᠢᠭᠦᠷᠢ ᠶᠢᠨ ᠳᠡᠰ ᠢ ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠠᠳᠠᠯᠢ ᠪᠤᠰᠤ ᠰᠡᠷᠭᠡᠶᠢᠯᠡᠯᠲᠡ ᠶᠢ ᠬᠡᠷᠡᠭᠵᠢᠭᠦᠯᠦᠨ᠎ᠡ᠃ ᠭᠤᠤᠯᠳᠠᠯᠭ᠎ᠠ ᠲᠠᠢ ᠲᠠᠯᠠᠪᠤᠷ᠂ | ᠭᠤᠤᠯᠳᠠᠯᠭ᠎ᠠ ᠲᠠᠢ ᠨᠢᠭᠡᠴᠡ᠂ ᠭᠤᠤᠯᠳᠠᠯᠭ᠎ᠠ ᠲᠠᠢ ᠬᠥᠮᠦᠰ ᠤᠨ ᠬᠢᠵᠢᠭ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠬᠢᠬᠦ ᠬᠡᠷᠡᠭᠳᠡᠢ᠃ | ︵ᠨᠢᠭᠡ︶ ᠨᠡᠬᠡᠬᠡᠯᠳᠠ ᠶᠢᠨ ᠬᠡᠯᠪᠡᠷᠢ ᠶᠢᠨ ᠲᠠᠯᠠᠪᠤᠷ ᠲᠤ ᠬᠥᠳᠡᠯᠬᠡᠬᠡᠨ ᠡᠷᠬᠢᠯᠡᠪᠡᠯ ᠡᠷᠭᠡᠪᠰᠢ ᠲᠥᠷᠥ ᠶᠢᠨ | ᠶᠠᠪᠤᠳᠠᠯ ᠤᠨ ᠬᠤᠷᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠬᠤᠯᠪᠤᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ︽ᠭᠤᠤᠯᠳᠠᠯᠭ᠎ᠠ ᠲᠠᠢ ᠲᠠᠯᠠᠪᠤᠷ ᠭᠤᠤᠯᠳᠠᠯᠭ᠎ᠠ ᠲᠠᠢ ᠨᠢᠭᠡᠴᠡ | ᠭᠤᠤᠯᠳᠠᠯᠭ᠎ᠠ ᠲᠠᠢ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ | ᠬᠠᠮᠢᠶ᠎ᠠ ᠪᠥᠬᠦᠶ ᠮᠡᠷᠭᠡᠵᠢᠯ ᠤᠨ ᠵᠢᠯᠤᠭᠤᠳᠣᠮᠵᠢ︾ ︵ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠤᠭᠲᠠᠴᠠ ᠶᠢᠨ ᠳᠠᠷᠬᠠᠭᠠᠭᠰᠠᠨ︹ 2020 ︺139 ᠳ᠋ᠤᠭᠡᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ | ᠶᠣᠰᠣᠭᠠᠷ᠂ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠪᠤᠳᠠᠳᠠᠶᠢᠵᠢᠭᠤᠯᠤᠨ᠂ ᠡᠮᠬᠢ ᠵᠢᠷᠤᠮ ᠲᠠᠢ ᠵᠣᠬᠢᠶᠠᠨ | ᠪᠠᠶᠢᠭᠤᠯᠤᠨ ᠶᠠᠪᠤᠭᠳᠠᠭᠤᠯᠬᠤ ᠬᠡᠷᠡᠭᠳᠡᠢ᠃ | ︵ᠬᠤᠶᠠᠷ︶ ᠰᠣᠶᠣᠯ ᠵᠢᠭᠤᠯᠴᠢᠯᠠᠯ᠂ ᠢᠳᠡᠭᠡᠨ ᠤᠮᠳᠠᠭᠠᠨ᠂ ᠵᠤᠭ᠎ᠠ ᠴᠡᠩᠭᠡᠯ ᠰᠡᠯᠡᠭᠦᠴᠡᠯ ᠵᠡᠷᠭᠡ ᠤᠯᠠᠨ | ᠨᠠᠶᠢᠳᠠ ᠶᠢᠨ ᠲᠥᠪᠯᠡᠷᠡᠭᠰᠡᠨ ᠭᠠᠵᠠᠷ ᠬᠥᠳᠡᠯᠬᠡᠬᠡᠨ ᠡᠷᠬᠢᠯᠡᠪᠡᠯ ᠡᠷᠬᠡᠪᠰᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠡᠵᠡᠮᠳᠡᠬᠦ ᠲᠣᠭᠲᠠᠴᠠ ᠶᠢᠨ ︽ᠭᠤᠤᠯᠳᠠᠯᠭ᠎ᠠ ᠲᠠᠢ ᠲᠠᠯᠠᠪᠤᠷ ᠭᠤᠤᠯᠳᠠᠯᠭ᠎ᠠ ᠲᠠᠢ ᠨᠢᠭᠡᠴᠡ ᠭᠤᠤᠯᠳᠠᠯᠭ᠎ᠠ ᠲᠠᠢ | ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ | ᠮᠡᠷᠭᠡᠵᠢᠯ ᠤᠨ ᠵᠢᠯᠤᠭᠤᠳᠣᠮᠵᠢ︾ ︵ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ | ᠳᠠᠷᠬᠠᠭᠠᠭᠰᠠᠨ︹ 2020 ︺ 139 ᠳ᠋ᠤᠭᠡᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠤᠰᠤᠭᠠᠷ᠂ | ᠤᠯᠠᠨ ᠬᠥᠮᠥᠨ ᠤ ᠨᠢᠭᠳᠠᠴᠠ ᠶᠢ ᠬᠢᠵᠠᠭᠠᠷᠯᠠᠬᠤ ᠬᠡᠷᠡᠭᠳᠡᠢ᠃ | ︵ᠭᠤᠷᠪᠠ︶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠲᠦᠷ ᠬᠤᠷᠢᠬᠤ ᠭᠠᠵᠠᠷ᠂ ᠰᠤᠷᠭᠠᠨ ᠬᠥᠮᠦᠵᠢᠯ ᠤᠨ | ᠪᠠᠶᠢᠭᠤᠯᠤᠮᠵᠢ ᠵᠡᠷᠭᠡ ᠣᠨᠴᠣᠭᠤᠶ ᠨᠢᠭᠡᠴᠡ ᠳᠤ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠴᠤᠭᠯᠠᠷᠠᠯ ᠤᠨ ᠴᠢᠨᠠᠷᠲᠠᠶ | ᠠᠵᠢᠯᠯᠠᠭ᠎ᠠ ᠡᠷᠭᠢᠯᠡᠬᠦ ᠶᠢ ᠴᠠᠭᠠᠵᠠᠯᠠᠬᠤ ᠬᠡᠷᠡᠭᠳᠡᠢ᠃ | ︵ᠳᠥᠷᠪᠡ︶ ᠨᠠᠰᠤᠲᠠᠶᠢᠴᠤᠳ᠂ ᠬᠡᠤᠬᠡᠳ᠂ ᠵᠢᠷᠮᠦᠰᠦᠨ ᠡᠮᠡᠭᠲᠡᠶ᠂ ᠵᠡᠮᠳᠡᠭ ᠬᠥᠮᠦᠨ᠂ ᠪᠠᠭᠰᠢ ᠰᠣᠷᠣᠭᠴᠢ᠂ | ᠡᠮᠨᠡᠯᠭᠡ ᠶᠢᠨ ᠠᠵᠢᠯᠲᠠᠨ ᠵᠡᠷᠭᠡ ᠭᠤᠤᠯᠳᠠᠯᠭ᠎ᠠ ᠲᠠᠢ ᠬᠥᠮᠦᠰ ᠤᠨ ᠣᠯᠠᠨ ᠨᠡᠶᠢᠲᠡ ᠶᠢᠨ ᠴᠤᠭᠯᠠᠷᠠᠯ ᠤᠨ ᠴᠢᠨᠠᠷᠲᠠᠶ | ᠠᠵᠢᠯᠯᠠᠭ᠎ᠠ ᠳᠤ ᠣᠷᠣᠯᠴᠠᠭᠤᠯᠬᠤ ᠶᠢ ᠴᠠᠭᠠᠵᠠᠯᠠᠬᠤ ᠬᠡᠷᠡᠭᠳᠡᠢ᠃ | ︵ᠲᠠᠪᠤ︶ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ | ᠡᠷᠬᠢᠯᠡᠬᠦ ᠠᠴᠠ ᠡᠮᠦᠨ᠎ᠡ ᠲᠦᠭᠰᠢᠭᠦᠷᠢ ᠶᠢᠨ ᠥᠨᠡᠯᠠᠯᠳᠠ ᠬᠢᠵᠦ᠂ ᠠᠵᠢᠯᠯᠠᠭ᠎ᠠ ᠳᠤ ᠣᠷᠣᠯᠴᠠᠬᠤ ᠬᠥᠮᠦᠰ ᠤᠨ | ᠢᠷᠡᠯᠲᠡ ᠶᠢ ᠤᠷᠢᠳᠴᠢᠯᠠᠨ ᠡᠵᠡᠮᠰᠢᠵᠤ᠂ ᠬᠥᠮᠦᠰ ᠤᠨ ᠮᠡᠲᠡᠭᠡ ᠵᠠᠩᠭᠢ ᠶᠢ ᠳᠠᠩᠰᠠᠯᠠᠨ᠂ ᠳᠤᠮᠳᠠ᠂ ᠥᠨᠳᠥᠷ | ᠬᠢᠵᠢᠭ ᠤᠨ ᠲᠦᠭᠰᠢᠭᠦᠷᠢ ᠶᠢᠨ ᠲᠡᠰ ᠤᠨ ᠭᠠᠵᠠᠷ ᠣᠷᠣᠨ ᠤ ᠬᠥᠮᠦᠰ ᠢ ᠴᠢᠩᠭ᠎ᠠ ᠬᠢᠵᠠᠭᠠᠷᠯᠠᠬᠤ ᠬᠡᠷᠡᠭᠲᠡᠶ᠃ | ᠲᠠᠪᠤ᠂ ᠬᠡᠷᠪᠡ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠵᠥᠷᠢᠴᠡᠪᠡᠯ ᠬᠥᠳᠡᠯᠬᠡᠬᠡᠨ ᠡᠷᠬᠢᠯᠡᠬᠦ ᠶᠢ | ᠵᠤᠭᠰᠤᠭᠠᠵᠤ᠂ ᠲᠣᠭᠲᠠᠭᠠᠯ ᠶᠣᠰᠣᠭᠠᠷ ᠡᠷᠬᠢᠯᠡᠭᠰᠡᠨ ᠲᠠᠯ᠎ᠠ ᠪᠣᠯᠤᠨ ᠬᠤᠯᠪᠤᠭᠲᠠᠯ ᠪᠦᠬᠦᠢ ᠬᠥᠮᠦᠰ ᠤᠨ | ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ | ᠵᠢᠷᠭᠤᠭ᠎ᠠ᠂ ᠬᠤᠯᠪᠣᠭᠳᠠᠯ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠪᠣᠯᠤᠨ ᠰᠡᠷᠭᠡᠶᠢᠯᠡᠨ | ᠡᠵᠡᠮᠳᠡᠬᠦ ᠲᠥᠰᠥᠪ ᠢ ᠲᠣᠭᠲᠠᠭᠠᠬᠤ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ | ᠬᠤᠯᠪᠤᠭᠠᠯᠠᠨ ᠡᠵᠡᠮᠳᠡᠬᠦ ᠲᠣᠭᠲᠠᠴᠠ ᠶᠢᠨ ᠨᠡᠶᠢᠲᠡᠯᠡᠭᠰᠡᠨ ᠬᠠᠮᠢᠶ᠎ᠠ ᠪᠦᠬᠦᠢ ᠲᠥᠰᠥᠪ ᠢᠶᠠᠷ ᠯᠠᠪᠯᠠᠯᠲᠠ ᠪᠣᠯᠭᠠᠬᠤ | ᠬᠡᠷᠡᠭᠲᠡᠶ᠃ | ᠳᠣᠯᠤᠭ᠎ᠠ᠂ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠡᠷᠪᠡ | ᠰᠢᠨ᠎ᠡ ᠲᠤᠭᠲᠠᠭᠠᠯ ᠭᠠᠷᠪᠠᠯ ᠲᠠᠬᠢᠨᠲᠠ ᠮᠡᠳᠡᠭᠳᠡᠨ᠎ᠡ᠃ | |