ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠬᠤᠯᠤᠭᠠᠨ᠎ᠠ ᠬᠢᠵᠢᠭ  ᠢ ᠰᠡᠷᠭᠡᠶᠢᠯᠡᠨ ᠡᠵᠡᠮᠳᠡᠬᠦ ᠳᠤ ︽ᠭᠤᠷᠪᠠᠨ ᠵᠦᠢᠯ ᠢ ᠮᠡᠳᠡᠭᠦᠯᠬᠦ ᠳᠦᠷᠢᠮ︾ ᠢ ᠳᠠᠮᠵᠢᠭᠤᠯᠤᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/6/30
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ ᠨᠢᠭᠡᠴᠡ ᠳᠤ᠄          ᠡᠳᠦᠭᠡ ︽ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠳᠤ ︽ᠭᠤᠷᠪᠠᠨ ᠵᠦᠢᠯ ᠢ ᠮᠡᠳᠡᠭᠦᠯᠬᠦ ᠳᠦᠷᠢᠮ︾ ᠢ ᠳᠠᠮᠵᠢᠭᠤᠯᠤᠨ ᠳᠠᠷᠬᠠᠭᠠᠪᠠ᠃ ᠡᠯ᠎ᠡ ᠰᠤᠮᠤ ᠪᠠᠯᠭᠠᠰᠥ᠂ ᠪᠠᠶᠢᠭᠤᠯᠭ᠎ᠠ ᠨᠢᠬᠡᠴᠡ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠬᠦᠯᠬᠦ ᠬᠡᠷᠡᠭᠳᠡᠢ᠃                              ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                2020 ᠣᠨ ᠤ 5 ᠰᠠᠷ᠎ᠠ ᠶᠢᠨ 29 ᠤ ᠡᠳᠦᠷ  ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠳᠤ ︽ᠭᠤᠷᠪᠠᠨ ᠵᠦᠢᠯ ᠢ ᠮᠡᠳᠡᠭᠦᠯᠬᠦ︾ ᠳᠦᠷᠢᠮ                  ᠪᠦᠬᠦ ᠠᠶᠢᠮᠠᠭ ᠤᠨ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠡᠯ᠎ᠡ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠤᠯᠤᠨ ᠠᠵᠢᠯ ᠤᠨ ᠠᠬᠢᠴᠠ ᠶᠢ ᠴᠠᠭ ᠲᠤᠬᠠᠢ ᠳᠤ ᠨᠢ ᠣᠶᠢᠯᠠᠭᠠᠬᠤ ᠶᠢᠨ ᠲᠤᠰᠠᠳᠠ᠂ ᠡᠪᠡᠳᠴᠢᠨ ᠤ ᠪᠠᠶᠢᠳᠠᠯ᠂ ᠬᠢᠵᠢᠭ ᠤᠨ ᠪᠠᠶᠢᠳᠠᠯ ᠪᠠ ᠠᠵᠢᠯ ᠤᠨ ᠠᠬᠢᠴᠠ ᠶᠢᠨ ᠪᠠᠶᠢᠳᠠᠯ ᠵᠡᠷᠭᠡ ᠭᠤᠷᠪᠠᠨ ᠵᠦᠢᠯ ᠢ ᠮᠡᠳᠡᠭᠦᠯᠬᠦ ᠳᠦᠷᠢᠮ ᠢ ᠲᠤᠭᠲᠠᠭᠠᠪᠠ᠃ᠨᠢᠭᠡ᠂ ᠮᠡᠳᠡᠭᠦᠯᠬᠦ ᠴᠠᠭ ᠤᠨ ᠱᠠᠭᠠᠷᠳᠠᠯᠭ᠎ᠠ          ︵ᠨᠢᠭᠡ︶ ᠡᠪᠡᠳᠴᠢᠨ ᠤ ᠪᠠᠶᠢᠳᠠᠯ ᠢ ᠮᠡᠳᠡᠭᠦᠯᠬᠦ ᠴᠠᠭ ᠨᠢ ᠠᠩᠬ᠎ᠠ ᠤᠳᠠᠭ᠎ᠠ ᠬᠤᠯᠤᠭᠠᠨ᠎ᠠ ᠬᠢᠵᠢᠭ ᠢ ᠤᠨᠤᠰᠢᠯᠠᠭᠰᠠᠨ ᠪᠤᠶᠤ ᠰᠡᠵᠢᠭᠯᠡᠯᠳᠡᠢ ᠡᠪᠡᠳᠴᠢᠨ ᠤ ᠵᠢᠱᠢᠶ᠎ᠡ ᠢᠯᠡᠷᠡᠭᠰᠡᠨ ᠴᠠᠭ ᠠᠴᠠ ᠡᠬᠢᠯᠡᠵᠦ ᠳᠠᠷᠣᠶᠢᠬᠠᠨ ᠮᠡᠳᠡᠭᠦᠯᠵᠦ᠂ ᠬᠠᠮᠤᠭ ᠰᠡᠭᠦᠯᠴᠢ ᠶᠢᠨ ᠨᠢᠭᠡ ᠡᠪᠡᠳᠴᠢᠨ ᠤ ᠵᠢᠱᠢᠶ᠎ᠡ ᠡᠳᠡᠭᠡᠷᠡᠨ ᠡᠮᠨᠡᠯᠭᠡ ᠠᠴᠠ ᠭᠠᠷᠬᠤ ᠪᠣᠶᠤ ᠦᠭᠦᠭᠰᠡᠨ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠶᠢ ᠠᠷᠢᠯᠭᠠᠭᠰᠠᠨ ᠤ ᠰᠡᠭᠦᠯᠡᠷ ᠮᠡᠳᠡᠭᠦᠯᠦᠯᠲᠡ ᠪᠠᠨ ᠵᠤᠭᠰᠤᠭᠠᠨ᠎ᠠ ᠃ ᠬᠢᠵᠢᠭ ᠤᠨ ᠪᠠᠶᠢᠳᠠᠯ ᠢ ᠮᠡᠳᠡᠭᠦᠯᠬᠦ ᠪᠠ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠦᠯᠬᠦ ᠴᠠᠭ ᠨᠢ ᠠᠶᠢᠮᠠᠭ ᠤᠨ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠤᠰᠤᠭᠠᠷ᠂ ᠪᠦᠬᠦ ᠠᠶᠢᠮᠠᠭ ᠤᠨ ᠬᠢᠵᠢᠭ ᠤᠨ ᠪᠠᠶᠢᠳᠠᠯ ᠢ ᠰᠣᠳᠣᠯᠤᠨ ᠮᠠᠭᠠᠳᠯᠠᠭᠰᠠᠨ ᠪᠠᠶᠢᠳᠠᠯ ᠢ ᠦᠨᠳᠦᠰᠦᠯᠡᠨ᠂ ᠡᠬᠢᠯᠡᠭᠦᠯᠬᠦ ᠪᠤᠶᠤ ᠵᠤᠭᠰᠤᠭᠠᠬᠤ ᠶᠢ ᠨᠡᠶᠢᠳᠡᠯᠡᠬᠦ ᠬᠡᠷᠡᠭᠲᠡᠢ᠃          ︵ᠬᠤᠶᠠᠷ︶ ᠬᠤᠣᠰ ᠠᠮᠠᠷᠠᠯᠲᠠ ᠶᠢᠨ ᠡᠳᠦᠷ ᠪᠠ ᠬᠠᠤᠯᠢ ᠪᠠᠷ ᠲᠤᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠲᠤ ᠡᠳᠦᠷ ᠲᠤᠲᠤᠮ ᠤᠨ ᠡᠩ ᠤᠨ ᠠᠵᠢᠯ ᠢ ᠮᠡᠳᠡᠭᠦᠯᠬᠦ ᠦᠭᠡᠢ᠂ ᠬᠡᠷᠪᠡ ᠪᠠᠴᠢᠮ ᠪᠠᠶᠢᠳᠠᠯ ᠭᠠᠷᠪᠠᠯ ᠬᠠᠮᠢᠶ᠎ᠠ ᠪᠦᠬᠦᠢ ᠲᠤᠭᠲᠠᠭᠠᠯ ᠶᠤᠰᠤᠭᠠᠷ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃          ᠬᠤᠶᠠᠷ᠂ ᠮᠡᠳᠡᠭᠦᠯᠬᠦ ᠠᠭᠤᠯᠭ᠎ᠠ ᠶᠢᠨ ᠱᠠᠭᠠᠷᠳᠠᠯᠭ᠎ᠠ          ︵ᠨᠢᠭᠡ︶ ᠡᠪᠡᠳᠴᠢᠨ ᠤ ᠪᠠᠶᠢᠳᠠᠯ ᠢ ᠮᠡᠳᠡᠭᠦᠯᠬᠦ ᠠᠭᠤᠯᠭ᠎ᠠ ᠳᠤ ᠭᠤᠣᠯᠳᠠᠭᠤ ᠡᠪᠡᠳᠴᠢᠲᠡᠨ ᠤ ᠬᠤᠪᠢ ᠬᠦᠮᠦᠨ ᠤ ᠮᠡᠳᠡᠭᠡ ᠵᠠᠩᠭᠢ᠂ ᠡᠮᠴᠢᠯᠡᠭᠦᠯᠵᠦ ᠪᠠᠶᠢᠭ᠎ᠠ ᠡᠮᠨᠡᠯᠭᠡ ᠶᠢᠨ ᠬᠤᠷᠢᠶ᠎ᠠ᠂ ᠡᠪᠡᠳᠴᠢᠨ ᠤ ᠪᠠᠶᠢᠳᠠᠯ᠂ ᠡᠮᠨᠡᠯᠭᠡ ᠰᠢᠯᠵᠢᠭᠦᠯᠦᠭᠰᠡᠨ᠂ ᠡᠮᠴᠢᠯᠡᠨ ᠵᠠᠰᠠᠬᠤ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃          ︵ᠬᠤᠶᠠᠷ︶ ᠬᠢᠵᠢᠭ ᠤᠨ ᠪᠠᠶᠢᠳᠠᠯ ᠤᠨ ᠮᠡᠳᠡᠭᠦᠯᠬᠦ ᠠᠭᠤᠯᠭ᠎ᠠ ᠨᠢ ᠠᠮᠢᠲᠠᠨ ᠤ ᠬᠤᠭᠤᠷᠤᠨᠳᠤ᠂ ᠬᠦᠮᠦᠨ ᠤ ᠬᠤᠭᠤᠷᠤᠨᠳᠤᠬᠢ ᠬᠤᠯᠤᠭᠠᠨ᠎ᠠ ᠬᠢᠵᠢᠭ ᠤᠨ ᠪᠠᠶᠢᠳᠠᠯ᠃          ︵ᠭᠤᠷᠪᠠ︶ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠦᠯᠬᠦ ᠠᠭᠤᠯᠭ᠎ᠠ ᠨᠢ ᠭᠤᠤᠯᠳᠠᠭᠤ ᠣᠯᠣᠰ᠂ ᠦᠪᠡᠷᠳᠡᠭᠡᠨ ᠵᠠᠰᠠᠬᠤ ᠣᠷᠤᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠤᠷᠠᠯ᠂ ᠪᠢᠴᠢᠭ ᠮᠠᠲ᠋ᠧᠷᠢᠶᠠᠯ᠂ ᠬᠤᠯᠪᠤᠭᠳᠠᠯ ᠪᠦᠬᠦᠢ ᠤᠳᠤᠷᠢᠳᠤᠯᠭ᠎ᠠ ᠶᠢᠨ ᠶᠠᠷᠢᠶ᠎ᠠ ᠵᠢᠴᠢ ᠴᠤᠬᠤᠯᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠠᠮᠢᠶ᠎ᠠ ᠪᠦᠭᠦᠢ ᠬᠠᠷᠢᠭᠤᠴᠠᠯᠭ᠎ᠠ ᠶᠢᠨ ᠪᠢᠴᠢᠭ᠂ ᠠᠵᠢᠯ ᠤᠨ ᠳᠠᠩᠰᠠ ᠡᠪᠬᠡᠮᠡᠯ ᠢ ᠪᠡᠶᠡᠯᠡᠭᠦᠯᠦᠭᠰᠡᠨ ᠪᠠᠶᠢᠳᠠᠯ᠂ ᠠᠶᠢᠮᠠᠭ ᠤᠨ ᠬᠤᠯᠤᠭᠠᠨ᠎ᠠ ᠬᠢᠵᠢᠭ ᠢ ᠰᠡᠷᠭᠡᠶᠢᠯᠡᠨ ᠬᠤᠷᠢᠭᠯᠠᠬᠤ ᠪᠠᠴᠢᠮ ᠪᠠᠶᠢᠳᠠᠯ ᠢ ᠠᠷᠭᠠᠴᠠᠭᠠᠬᠤ ᠤᠳᠤᠷᠢᠳᠬᠤ ᠳᠤᠭᠤᠶᠢᠯᠠᠩ ᠪᠠ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠵᠡᠷᠭᠡ ᠬᠠᠮᠢᠶ᠎ᠠ ᠪᠦᠬᠦᠢ ᠵᠦᠪᠯᠡᠯ᠂ ᠠᠯᠪᠠᠨ ᠭᠡᠷ᠂ ᠲᠤᠪᠴᠢᠶᠠᠨ ᠤ ᠲᠣᠬᠢᠷᠠᠭᠤᠯᠤᠨ ᠪᠠᠶᠢᠷᠢᠯᠠᠭᠤᠯᠤᠭᠰᠠᠨ ᠠᠵᠢᠯ ᠢ ᠦᠷᠨᠢᠭᠦᠯᠦᠭᠰᠡᠨ ᠪᠠᠶᠢᠳᠠᠯ᠂ ᠲᠤᠰ ᠭᠠᠵᠠᠷ ᠤᠷᠤᠨ ᠤ ᠪᠤᠳᠠᠲᠠᠢ ᠪᠠᠶᠢᠳᠠᠯ ᠲᠠᠢ ᠪᠠᠨ ᠣᠶᠠᠯᠳᠤᠭᠤᠯᠤᠨ ᠠᠵᠢᠯ ᠢᠶᠠᠨ ᠦᠷᠨᠢᠭᠦᠯᠦᠭᠰᠡᠨ ᠪᠠᠶᠢᠳᠠᠯ ᠵᠡᠷᠭᠡ ᠶᠢ ᠪᠠᠭᠲᠠᠭᠠᠨ᠎ᠠ᠃          ᠭᠤᠷᠪᠠ᠂ ᠮᠡᠳᠡᠭᠦᠯᠬᠦ ᠠᠵᠢᠯ ᠤᠨ ᠱᠠᠭᠠᠷᠳᠠᠯᠭ᠎ᠠ           ︵ᠨᠢᠭᠡ︶ ᠡᠯ᠎ᠡ ᠬᠤᠰᠢᠭᠤ ᠰᠢᠶᠠᠨ ᠬᠤᠳᠠ ︵ᠲᠤᠭᠤᠷᠢᠭ︶ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠨᠢ ︽ᠭᠤᠷᠪᠠᠨ ᠵᠦᠢᠯ ᠢ ᠮᠡᠳᠡᠭᠦᠯᠬᠦ︾ ᠠᠵᠢᠯ ᠤᠨ ᠮᠡᠳᠡᠭᠡ ᠵᠠᠩᠭᠢ ᠴᠤᠭᠯᠠᠭᠤᠯᠬᠤ᠂ ᠬᠤᠷᠢᠶᠠᠩᠭᠤᠶᠢᠯᠠᠬᠤ ᠪᠠ ᠮᠡᠳᠡᠭᠦᠯᠦᠨ ᠬᠦᠷᠭᠡᠬᠦ ᠠᠵᠢᠯ ᠢ ᠲᠦᠷᠦᠭᠦᠯᠡᠨ ᠬᠠᠷᠢᠭᠤᠴᠠᠨ᠎ᠠ᠃           ︵ᠬᠤᠶᠠᠷ︶ ᠡᠯ᠎ᠡ ᠬᠤᠰᠢᠭᠤ ᠰᠢᠶᠠᠨ ᠬᠤᠳᠠ ︵ᠲᠤᠭᠤᠷᠢᠭ︶ ᠤᠨ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠤᠳᠤᠷᠢᠳᠬᠤ ᠳᠤᠭᠤᠶᠢᠯᠠᠩ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ᠂ ᠤᠢ ᠰᠢᠭᠤᠢ ᠲᠠᠯ᠎ᠠ ᠨᠤᠲᠤᠭ ᠤᠨ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ ᠵᠤᠬᠢᠴᠠᠭᠤᠯᠤᠨ᠂ ᠲᠤᠰᠬᠠᠢ ᠬᠦᠮᠦᠨ ᠢᠶᠠᠷ ᠰᠤᠷᠠᠭ ᠵᠠᠩᠭᠢ ᠬᠤᠷᠠᠮᠳᠤᠭᠤᠯᠬᠤ ᠠᠵᠢᠯ ᠢ ᠬᠠᠷᠢᠭᠤᠴᠠᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠨᠢᠭᠡᠳᠦᠯᠲᠡᠢ ᠮᠡᠳᠡᠭᠦᠯᠵᠦ ᠬᠤᠷᠢᠶᠠᠩᠭᠤᠶᠢᠯᠠᠨ᠂ ᠮᠡᠳᠡᠭᠡ ᠵᠠᠩᠭᠢ ᠶᠢᠨ ᠴᠠᠭ ᠲᠤᠬᠠᠢ ᠳᠤ ᠨᠢ᠂ ᠪᠦᠬᠦ ᠲᠠᠯ᠎ᠠ ᠶᠢᠨ ᠪᠠᠶᠢᠬᠤ ᠶᠢ ᠪᠠᠲᠤᠯᠠᠨ᠎ᠠ᠃           ︵ᠭᠤᠷᠪᠠ︶ ᠠᠶᠢᠮᠠᠭ ᠤᠨ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠤᠳᠤᠷᠢᠳᠬᠤ ᠳᠤᠭᠤᠶᠢᠯᠠᠩ ᠨᠢ ᠲᠤᠭᠲᠠᠮᠠᠯ ᠬᠤᠭᠤᠴᠠᠭ᠎ᠠ ᠲᠠᠢ ᠪᠠᠷ ᠡᠯ᠎ᠡ ᠬᠤᠰᠢᠭᠤ ᠰᠢᠶᠠᠨ ᠬᠤᠳᠠ ︵ᠲᠤᠭᠤᠷᠢᠭ︶ ᠤᠨ ︽ᠭᠤᠷᠪᠠᠨ ᠵᠦᠢᠯ ᠢ ᠮᠡᠳᠡᠭᠦᠯᠬᠦ︾ ᠠᠵᠢᠯ ᠳᠤ ᠦᠨᠡᠯᠡᠯᠲᠡ ᠬᠢᠬᠦ ᠶᠢᠨ ᠬᠠᠮᠲᠤ ᠪᠤᠳᠠᠲᠤ ᠪᠠᠶᠢᠳᠠᠯ ᠢ ᠦᠨᠳᠦᠰᠦᠯᠡᠨ ᠮᠡᠳᠡᠭᠡᠯᠡᠨ᠎ᠡ᠃
 
ᠢᠷᠡᠯᠲᠡ᠄ ᠰᠥᠨᠢᠳ ᠵᠡᠬᠦᠨ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号