ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠪᠠᠶᠢᠭᠤᠯᠭ᠎ᠠ | ᠨᠢᠭᠡᠴᠡ ᠳᠤ᠄ | ᠡᠳᠦᠭᠡ ︽ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠭᠦᠯᠬᠦ ᠳᠦᠷᠢᠮ︾ ᠢ | ᠳᠠᠮᠵᠢᠭᠤᠯᠤᠨ ᠳᠠᠷᠬᠠᠭᠠᠪᠠ᠃ ᠡᠯ᠎ᠡ ᠰᠤᠮᠤ ᠪᠠᠯᠭᠠᠰᠥ᠂ ᠪᠠᠶᠢᠭᠤᠯᠭ᠎ᠠ ᠨᠢᠬᠡᠴᠡ ᠨᠠᠷᠢᠨ ᠬᠢᠨᠠᠮᠠᠭᠠᠶ ᠲᠤᠤᠱᠯᠠᠭᠤᠯᠤᠨ | ᠬᠡᠷᠡᠭᠵᠢᠬᠦᠯᠬᠦ ᠬᠡᠷᠡᠭᠳᠡᠢ᠃ | | ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 5 ᠰᠠᠷ᠎ᠠ ᠶᠢᠨ 29 ᠤ ᠡᠳᠦᠷ | | | ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠭᠦᠯᠬᠦ ᠳᠦᠷᠢᠮ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ ᠬᠠᠤᠯᠢ︾᠂ ︽ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠬᠤ ᠳᠦᠷᠢᠮ︾᠂ ︽ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ | ᠬᠢᠭᠡᠳ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠰᠢᠯᠭᠠᠨ ᠲᠤᠭᠲᠠᠭᠠᠬᠤ ᠮᠡᠳᠡᠭᠡ ᠵᠠᠩᠭᠢ ᠶᠢᠨ | ᠮᠡᠳᠡᠭᠦᠯᠦᠯᠲᠡ ᠶᠢᠨ ᠬᠠᠮᠢᠶᠠᠷᠤᠯᠲᠠ ᠶᠢᠨ ᠠᠷᠭ᠎ᠠ︾᠂ ︽ᠬᠠᠯᠳᠠᠪᠤᠷᠢᠲᠤ ᠡᠪᠡᠳᠴᠢᠨ ᠤ ᠮᠡᠳᠡᠭᠡ ᠵᠠᠩᠭᠢ ᠶᠢ ᠮᠡᠳᠡᠭᠦᠯᠬᠦ | ᠬᠠᠮᠢᠶᠠᠷᠤᠯᠲᠠ ᠶᠢᠨ ᠳᠦᠷᠢᠮᠵᠢᠯ︾᠂ ︽ᠬᠠᠯᠳᠠᠪᠤᠷᠢᠲᠤ ᠡᠪᠡᠳᠴᠢᠨ ᠢ ᠰᠢᠯᠭᠠᠨ ᠲᠤᠭᠲᠠᠭᠠᠬᠤ ᠮᠡᠳᠡᠭᠡ ᠵᠠᠩᠭᠢ ᠶᠢᠨ | ᠲᠤᠤᠷ ᠰᠦᠯᠵᠢᠶ᠎ᠡ ᠪᠠᠷ ᠰᠢᠭᠤᠳ ᠮᠡᠳᠡᠭᠦᠯᠬᠦ ᠠᠵᠢᠯ ᠤᠨ ᠮᠡᠷᠭᠡᠵᠢᠯ ᠤᠨ ᠵᠦᠭᠯᠡᠬᠦᠷ︾ ᠵᠡᠷᠭᠡ ᠬᠠᠮᠢᠶ᠎ᠠ ᠪᠦᠬᠦᠢ | ᠬᠠᠤᠯᠢ ᠴᠠᠭᠠᠵᠠ ᠳᠦᠷᠢᠮ ᠲᠤᠭᠲᠠᠭᠠᠯ ᠤᠨ ᠱᠠᠭᠠᠷᠳᠠᠯᠭ᠎ᠠ ᠢ ᠦᠨᠳᠦᠰᠦᠯᠡᠨ᠂ ᠲᠤᠰ ᠳᠦᠷᠢᠮ ᠢ ᠲᠤᠭᠲᠠᠭᠠᠪᠠ᠃ | ᠨᠢᠭᠡ᠂ ᠶᠠᠮᠠᠷᠪᠠ ᠪᠠᠶᠢᠭᠤᠯᠭ᠎ᠠ ᠨᠢᠭᠡᠴᠡ ᠪᠠ ᠬᠤᠪᠢ ᠬᠦᠮᠦᠨ ᠬᠤᠯᠤᠭᠠᠨ᠎ᠠ ᠬᠢᠵᠢᠭ᠂ ᠰᠡᠵᠢᠭᠯᠡᠯᠲᠡᠢ | ᠡᠪᠡᠳᠴᠢᠨ ᠵᠢᠴᠢ ᠭᠡᠨᠡᠳᠲᠡ ᠶᠢᠨ ᠴᠢᠨᠠᠷᠲᠠᠢ ᠰᠢᠯᠲᠠᠭᠠᠨ ᠨᠢ ᠲᠤᠳᠤᠷᠬᠠᠢ ᠦᠭᠡᠢ ᠬᠠᠯᠳᠠᠪᠤᠷᠢᠲᠤ ᠡᠪᠡᠳᠴᠢᠲᠡᠨ ᠢ | ᠣᠯᠵᠤ ᠮᠡᠳᠡᠪᠡᠯ᠂ ᠲᠤᠬᠠᠢ ᠶᠢᠨ ᠭᠠᠵᠠᠷ ᠤᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠤᠶᠤ | ᠡᠮᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠬᠠᠷᠢᠭᠤᠴᠠᠨ ᠮᠡᠳᠡᠭᠦᠯᠦᠭᠴᠢ | ᠡᠷᠬᠡᠪᠰᠢ ᠬᠢᠵᠢᠭ ᠤᠨ ᠪᠠᠶᠢᠳᠠᠯ ᠢ ᠮᠡᠳᠡᠭᠦᠯᠬᠦ ᠬᠠᠷᠢᠶᠠᠲᠤ ᠭᠠᠵᠠᠷ ᠤᠨ ᠬᠠᠮᠢᠶᠠᠷᠤᠯᠲᠠ ᠶᠢᠨ ᠵᠠᠷᠴᠢᠮ ᠢ ᠵᠢᠷᠤᠮᠯᠠᠵᠤ᠂ | ᠤᠯᠤᠰ ᠪᠠ ᠦᠪᠡᠷᠲᠡᠭᠡᠨ ᠵᠠᠰᠠᠬᠤ ᠤᠷᠤᠨ ᠠᠴᠠ ᠲᠤᠭᠲᠠᠭᠠᠭᠰᠠᠨ ᠠᠭᠤᠯᠭ᠎ᠠ᠂ ᠳᠡᠰ ᠳᠠᠷᠠᠭᠠᠯᠠᠯ᠂ ᠠᠷᠭ᠎ᠠ ᠮᠠᠶ᠋ᠢᠭ | ᠪᠠ ᠴᠠᠭ ᠬᠤᠭᠤᠴᠠᠭ᠎ᠠ ᠶᠤᠰᠤᠭᠠᠷ ᠮᠡᠳᠡᠭᠦᠯᠬᠦ ᠬᠡᠷᠡᠭᠲᠡᠢ᠃ | ᠬᠤᠶᠠᠷ᠂ ᠡᠯ᠎ᠡ ᠱᠠᠳᠤᠨ ᠤ ᠡᠯ᠎ᠡ ᠳᠦᠷᠦᠯ ᠤᠨ ᠡᠮᠴᠢᠯᠡᠭᠡᠨ ᠤ ᠪᠠᠶᠢᠭᠤᠯᠤᠮᠵᠢ᠂ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠪᠠᠶᠢᠭᠤᠯᠤᠮᠵᠢ᠂ ᠴᠢᠰᠣ ᠠᠪᠴᠤ ᠴᠢᠰᠤ ᠬᠠᠩᠭᠠᠬᠤ ᠪᠠᠶᠢᠭᠤᠯᠤᠮᠵᠢ᠂ ᠡᠷᠡᠭᠦᠯ ᠬᠠᠮᠠᠭᠠᠯᠠᠯ | ᠬᠢᠵᠢᠭ ᠢ ᠪᠠᠶᠢᠴᠠᠭᠠᠬᠤ ᠪᠠᠶᠢᠭᠤᠯᠤᠮᠵᠢ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠡᠭᠦᠷᠡᠰᠦᠨ ᠠᠭᠤᠷᠬᠠᠢ᠂ | ᠬᠦᠳᠡᠯᠮᠦᠷᠢ ᠪᠠᠷ ᠵᠠᠰᠠᠨ ᠬᠦᠮᠦᠵᠢᠭᠦᠯᠬᠦ ᠵᠢᠴᠢ ᠡᠭᠦᠷᠭᠡ ᠲᠤᠰᠢᠶᠠᠯ ᠢᠶᠠᠨ ᠬᠦᠢᠴᠡᠳᠭᠡᠵᠦ ᠪᠠᠶᠢᠭ᠎ᠠ ᠪᠤᠢ ᠪᠦᠬᠦᠢ ᠡᠮᠴᠢ | ᠰᠤᠪᠢᠯᠠᠭᠴᠢ᠂ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠭᠴᠢ᠂ ᠡᠷᠡᠭᠦᠯ ᠬᠠᠮᠠᠭᠠᠯᠠᠯ ᠬᠢᠵᠢᠭ ᠢ ᠪᠠᠶᠢᠴᠠᠭᠠᠬᠤ | ᠠᠵᠢᠯᠲᠠᠨ᠂ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠠᠵᠢᠯᠲᠠᠨ᠂ ᠨᠡᠶᠢᠭᠡᠮ ᠲᠤᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠠᠵᠢᠯᠲᠠᠨ᠂ ᠭᠠᠴᠠᠭ᠎ᠠ ᠲᠤᠰᠬᠤᠨ ᠤ ᠡᠮᠴᠢ᠂ ᠬᠤᠪᠢ ᠶᠢᠨ ᠡᠮᠴᠢ ᠴᠦᠮ | ᠬᠢᠵᠢᠭ ᠤᠨ ᠪᠠᠶᠢᠳᠠᠯ ᠤᠨ ᠬᠠᠷᠢᠭᠤᠴᠠᠨ ᠮᠡᠳᠡᠭᠦᠯᠦᠭᠴᠢ ᠪᠤᠯᠤᠨ᠎ᠠ᠃ | ᠭᠤᠷᠪᠠ᠂ ᠨᠢᠰᠬᠡᠯ ᠤᠨ ᠪᠠᠭᠤᠳᠠᠯ᠂ ᠲᠡᠮᠦᠷ ᠵᠠᠮ ᠪᠤᠯᠤᠨ ᠬᠢᠯᠢ ᠶᠢᠨ ᠪᠤᠭᠤᠮᠳᠠ ᠵᠡᠷᠭᠡ ᠰᠠᠯᠠᠭ᠎ᠠ | ᠮᠦᠴᠢᠷ ᠤᠳ ᠬᠤᠯᠤᠭᠠᠨ᠎ᠠ ᠬᠢᠵᠢᠭ᠂ ᠬᠤᠯᠤᠭᠠᠨ᠎ᠠ ᠬᠢᠵᠢᠭ ᠲᠠᠢ ᠠᠳᠠᠯᠢᠪᠲᠤᠷ ᠵᠢᠴᠢ ᠪᠤᠰᠤᠳ ᠭᠡᠨᠡᠳᠲᠡ ᠶᠢᠨ | ᠰᠢᠯᠲᠠᠭᠠᠨ ᠨᠢ ᠲᠤᠳᠤᠷᠬᠠᠢ ᠦᠭᠡᠢ ᠬᠠᠯᠳᠠᠪᠤᠷᠢᠲᠤ ᠡᠪᠡᠳᠴᠢᠳᠡᠨ ᠢ ᠣᠯᠵᠣ ᠮᠡᠳᠡᠪᠡᠯ᠂ ᠤᠯᠤᠰ ᠤᠨ ᠬᠤᠯᠪᠤᠭᠳᠠᠯ | ᠪᠦᠬᠦᠢ ᠲᠤᠭᠲᠠᠭᠠᠯ ᠶᠤᠰᠤᠭᠠᠷ ᠪᠤᠭᠤᠮᠳᠠ ᠳᠤ ᠪᠠᠶᠢᠭ᠎ᠠ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ | ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠳᠠᠷᠤᠶᠢᠬᠠᠨ ᠮᠡᠳᠡᠭᠦᠯᠬᠦ | ᠬᠡᠷᠡᠭᠲᠡᠢ᠃ | ᠳᠥᠷᠪᠡ᠂ ᠣᠨᠣᠰᠢᠯᠠᠨ ᠡᠮᠴᠢᠯᠡᠬᠦ ᠶᠠᠪᠤᠴᠠ ᠳᠤ ᠬᠤᠯᠤᠭᠠᠨ᠎ᠠ ᠬᠢᠵᠢᠭ ᠲᠠᠢ ᠡᠪᠳᠴᠢᠳᠡᠨ᠂ | ᠬᠤᠯᠤᠭᠠᠨ᠎ᠠ ᠬᠢᠵᠢᠭ ᠤᠨ ᠰᠡᠵᠢᠭᠯᠡᠯᠲᠡᠢ ᠡᠪᠡᠳᠴᠢᠲᠡᠨ ᠢ ᠣᠯᠵᠣ ᠮᠡᠳᠡᠪᠡᠯ᠂ ᠬᠠᠷᠢᠭᠤᠴᠠᠯᠭᠠᠳᠤ ᠮᠡᠳᠡᠭᠦᠯᠦᠯᠲᠡ ᠶᠢᠨ | ᠪᠠᠶᠢᠭᠤᠯᠭ᠎ᠠ ᠨᠢᠭᠡᠴᠢ ᠪᠤᠶᠤ ᠬᠠᠷᠢᠭᠤᠴᠠᠨ ᠮᠡᠳᠡᠭᠦᠯᠦᠭᠴᠢ ᠳᠦᠷᠢᠮᠵᠢᠯ ᠱᠠᠭᠠᠷᠳᠠᠯᠭ᠎ᠠ ᠶᠤᠰᠤᠭᠠᠷ ᠬᠠᠯᠳᠠᠪᠤᠷᠢᠲᠤ | ᠡᠪᠡᠳᠴᠢᠨ ᠤ ᠮᠡᠳᠡᠭᠦᠯᠦᠯᠲᠡ ᠶᠢᠨ ᠺᠠᠷᠲ ᠪᠤᠶᠤ ᠬᠠᠯᠳᠠᠪᠤᠷᠢᠲᠤ ᠡᠪᠡᠳᠴᠢᠨ ᠤ ᠡᠯᠧᠺᠲᠷᠣᠨ ᠮᠡᠳᠡᠭᠦᠯᠦᠯᠲᠡ ᠶᠢᠨ | ᠺᠠᠷᠲ ᠢ ᠲᠠᠭᠯᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠲᠤᠲᠤᠷ᠎ᠠ ᠤᠨᠤᠰᠢᠯᠠᠭᠰᠠᠨ ᠬᠤᠯᠤᠭᠠᠨ᠎ᠠ ᠬᠢᠵᠢᠭ ᠤᠨ | ᠡᠪᠡᠳᠴᠢᠨ ᠤ ᠵᠢᠱᠢᠶ᠎ᠡ ᠶᠢᠨ ᠮᠡᠳᠡᠭᠦᠯᠦᠯᠲᠡ ᠶᠢᠨ ᠺᠠᠷᠲ ᠢ ᠠᠩᠬ᠎ᠠ ᠤᠨᠤᠰᠢᠯᠠᠭᠰᠠᠨ ᠡᠮᠴᠢ ᠠᠴᠠ ᠬᠠᠷᠢᠭᠤᠴᠠᠨ | ᠲᠠᠭᠯᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠬᠦᠮᠦᠨ ᠬᠠᠷᠢᠭᠤᠴᠠᠨ ᠰᠦᠯᠵᠢᠶ᠎ᠡ ᠪᠠᠷ ᠰᠢᠭᠤᠳ | ᠮᠡᠳᠡᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠠᠴᠠ ᠭᠠᠳᠠᠨᠠᠭᠢ ᠬᠠᠯᠳᠠᠪᠤᠷᠢᠲᠤ ᠡᠪᠡᠳᠴᠢᠨ ᠤ ᠮᠡᠳᠡᠭᠦᠯᠦᠯᠲᠡ ᠶᠢᠨ | ᠺᠠᠷᠲ ᠢ ᠬᠠᠷᠢᠶᠠᠲᠤ ᠭᠠᠵᠠᠷ ᠤᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠲᠤᠬᠠᠢ ᠶᠢᠨ | ᠲᠠᠯᠠᠪᠤᠷ ᠤᠨ ᠪᠠᠶᠢᠴᠠᠭᠠᠯᠲᠠ ᠶᠢᠨ ᠠᠵᠢᠯᠲᠠᠨ ᠲᠠᠭᠯᠠᠬᠤ ᠶᠢᠨ ᠬᠠᠮᠲᠤ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠠᠴᠠ ᠮᠡᠳᠡᠭᠦᠯᠦᠨ᠎ᠡ᠃ | ᠲᠠᠪᠤ᠂ ᠡᠮ ᠡᠮᠨᠡᠯᠭᠡ ᠶᠢᠨ ᠪᠠᠶᠢᠭᠤᠯᠤᠮᠵᠢ ᠠᠴᠠ ᠬᠤᠯᠤᠭᠠᠨ᠎ᠠ ᠬᠢᠵᠢᠭ ᠤᠨ ᠰᠡᠵᠢᠭᠯᠡᠯᠲᠡᠢ ᠡᠪᠡᠳᠴᠢᠨ ᠤ | ᠵᠢᠱᠢᠶ᠎ᠡ ᠶᠢ ᠤᠯᠵᠤ ᠮᠡᠳᠡᠪᠡᠯ᠂ ᠪᠠᠶᠢᠭ᠎ᠠ ᠭᠠᠵᠠᠷ ᠤᠨ ᠢᠶᠠᠨ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠪᠤᠶᠤ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠲᠤᠰᠬᠠᠢ ᠪᠠᠶᠢᠭᠤᠯᠤᠮᠵᠢ ᠳᠤ ᠳᠠᠷᠣᠶᠢᠬᠠᠨ | ᠮᠡᠳᠡᠭᠦᠯᠬᠦ ᠬᠡᠷᠡᠭᠲᠡᠢ᠃ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠤᠶᠤ ᠬᠤᠯᠤᠭᠠᠨ᠎ᠠ ᠬᠢᠵᠢᠭ ᠢ | ᠰᠡᠷᠭᠡᠶᠢᠯᠡᠨ ᠵᠠᠰᠠᠬᠤ ᠲᠤᠰᠬᠠᠢ ᠪᠠᠶᠢᠭᠤᠯᠤᠮᠵᠢ ᠨᠢ ᠬᠦᠮᠦᠨ ᠤ ᠬᠤᠭᠤᠷᠤᠨᠳᠤᠬᠢ ᠬᠤᠯᠤᠭᠠᠨ᠎ᠠ ᠬᠢᠵᠢᠭ ᠪᠤᠶᠤ | ᠰᠡᠵᠢᠭᠯᠡᠯᠲᠡᠢ ᠪᠠᠶᠢᠳᠠᠯ ᠢ ᠲᠤᠳᠤᠯᠠᠭᠰᠠᠨ ᠤ ᠳᠠᠷᠠᠭ᠎ᠠ᠂ ᠲᠤᠭᠲᠠᠭᠠᠯ ᠶᠤᠰᠤᠭᠠᠷ 2 ᠴᠠᠭ ᠤᠨ ᠲᠤᠲᠤᠷ᠎ᠠ ᠰᠦᠯᠵᠢᠶ᠎ᠡ | ᠪᠠᠷ ᠰᠢᠭᠤᠳ ᠮᠡᠳᠡᠭᠦᠯᠦᠨ᠎ᠡ᠃ | ᠵᠢᠷᠭᠤᠭ᠎ᠠ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠤᠨ ᠮᠡᠳᠡᠭᠦᠯᠦᠯᠲᠡ ᠶᠢ ᠬᠦᠯᠢᠶᠡᠨ | ᠠᠪᠤᠭᠰᠠᠨ ᠤ ᠳᠠᠷᠠᠭ᠎ᠠ 2 ᠴᠠᠭ ᠤᠨ ᠲᠤᠲᠤᠷ᠎ᠠ ᠠᠶᠢᠮᠠᠭ ᠬᠤᠲᠠ ᠶᠢᠨ ᠠᠷᠠᠳ ᠤᠨ ᠵᠠᠰᠠᠭ ᠤᠨ ᠣᠷᠳᠤᠨ ᠳᠤ | ᠮᠡᠳᠡᠭᠦᠯᠬᠦ ᠬᠡᠷᠡᠭᠲᠡᠢ᠃ ᠠᠶᠢᠮᠠᠭ ᠬᠤᠲᠠ ᠶᠢᠨ ᠠᠷᠠᠳ ᠤᠨ ᠵᠠᠰᠠᠭ ᠤᠨ ᠣᠷᠳᠤᠨ ᠮᠡᠳᠡᠭᠦᠯᠦᠯᠲᠡ ᠶᠢ ᠬᠦᠯᠢᠶᠡᠨ | ᠠᠪᠤᠭᠰᠠᠨ ᠤ ᠳᠠᠷᠠᠭ᠎ᠠ 2 ᠴᠠᠭ ᠤᠨ ᠲᠤᠲᠤᠷ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠳᠤ | ᠮᠡᠳᠡᠭᠦᠯᠬᠦ ᠬᠡᠷᠡᠭᠲᠡᠢ᠃ | ᠳᠤᠯᠤᠭ᠎ᠠ᠂ ᠠᠮᠢᠲᠠᠨ ᠤ ᠬᠢᠵᠢᠭ ᠤᠨ ᠪᠠᠶᠢᠳᠠᠯ ᠢ ᠮᠠᠭᠠᠳᠯᠠᠭᠰᠠᠨ ᠤ ᠳᠠᠷᠠᠭ᠎ᠠ᠂ ᠬᠠᠷᠢᠭᠤᠴᠠᠨ | ᠮᠡᠳᠡᠭᠦᠯᠦᠭᠴᠢ ᠬᠤᠲᠠ ᠪᠠᠯᠭᠠᠰᠤ ᠳᠤ ᠡᠷᠬᠡᠪᠰᠢ 6 ᠴᠠᠭ ᠤᠨ ᠲᠤᠲᠤᠷ᠎ᠠ᠂ ᠬᠦᠳᠡᠭᠡ ᠲᠤᠰᠬᠤᠨ ᠳᠤ ᠡᠷᠬᠡᠪᠰᠢ 12 | ᠴᠠᠭ ᠤᠨ ᠲᠤᠲᠤᠷ᠎ᠠ ᠠᠮᠢᠲᠠᠨ ᠤ ᠬᠢᠵᠢᠭ ᠤᠨ ᠪᠠᠶᠢᠳᠠᠯ ᠢ ︽ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ᠢᠶᠠᠷ ᠳᠠᠮᠵᠢᠭᠤᠯᠤᠨ ᠰᠢᠭᠤᠳ ᠮᠡᠳᠡᠭᠦᠯᠬᠦ ᠬᠡᠷᠡᠭᠲᠡᠢ᠃ | ᠨᠠᠢᠮᠠ᠂ ᠬᠤᠯᠤᠭᠠᠨ᠎ᠠ ᠬᠢᠵᠢᠭ ᠢ ᠣᠯᠵᠤ ᠮᠡᠳᠡᠪᠡᠯ᠂ ᠬᠤᠰᠢᠭᠤ ᠰᠢᠶᠠᠨ ᠤ ᠳᠡᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠵᠡᠷᠭᠡᠯᠡᠳᠡᠭᠡ ᠬᠤᠰᠢᠭᠤ ᠰᠢᠶᠠᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠯᠦᠭᠡ ᠬᠤᠯᠤᠭᠠᠨ᠎ᠠ ᠬᠢᠵᠢᠭ ᠤᠨ ᠪᠠᠶᠢᠳᠠᠯ | ᠵᠢᠴᠢ ᠪᠠᠶᠢᠴᠠᠭᠠᠨ ᠲᠤᠭᠲᠠᠭᠠᠬᠤ᠂ ᠰᠡᠷᠡᠮᠵᠢᠯᠡᠭᠦᠯᠬᠦ ᠬᠠᠮᠢᠶ᠎ᠠ ᠪᠦᠬᠦᠢ ᠰᠤᠷᠠᠭ ᠵᠠᠩᠭᠢ ᠪᠠᠨ ᠬᠠᠷᠢᠯᠴᠠᠨ ᠨᠡᠪᠲᠡᠷᠡᠯᠴᠡᠬᠦ | ᠬᠡᠷᠡᠭᠲᠡᠢ᠃ | ᠶᠢᠰᠦ᠂ ᠬᠤᠯᠤᠭᠠᠨ᠎ᠠ ᠬᠢᠵᠢᠭ ᠤᠨ ᠪᠠᠶᠢᠳᠠᠯ ᠢ ᠮᠡᠳᠡᠭᠦᠯᠬᠦ ᠳᠤ ᠡᠯ᠎ᠡ ᠠᠷᠠᠳ ᠤᠨ ᠵᠠᠰᠠᠭ ᠤᠨ | ᠣᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ᠂ | ᠡᠮᠴᠢᠯᠡᠭᠡᠨ ᠤ ᠪᠠᠶᠢᠭᠤᠯᠤᠮᠵᠢ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠢᠵᠢᠭ ᠤᠨ | ᠪᠠᠶᠢᠳᠠᠯ ᠤᠨ ᠮᠡᠳᠡᠭᠡ ᠵᠠᠩᠭᠢ ᠶᠢ ᠨᠢᠭᠤᠨ ᠳᠠᠯᠳᠠᠯᠠᠵᠤ᠂ ᠬᠤᠳᠠᠯ ᠢᠶᠠᠷ ᠮᠡᠳᠡᠭᠦᠯᠬᠦ᠂ ᠤᠳᠠᠭᠠᠰᠢᠷᠠᠭᠤᠯᠤᠨ ᠮᠡᠳᠡᠭᠦᠯᠵᠦ | ᠪᠤᠯᠬᠤ ᠦᠭᠡᠢ᠃ | ᠠᠷᠪᠠ᠂ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠪᠦᠬᠦ ᠤᠷᠤᠨ ᠤ ᠬᠤᠯᠤᠭᠠᠨ᠎ᠠ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠲᠤᠭᠲᠠᠮᠠᠯ | ᠬᠤᠭᠤᠴᠠᠭ᠎ᠠ ᠲᠠᠢ ᠪᠠᠷ ᠨᠡᠶᠢᠲᠡᠯᠡᠨ᠎ᠡ᠃ ᠬᠤᠯᠤᠭᠠᠨ᠎ᠠ ᠬᠢᠵᠢᠭ ᠭᠡᠨᠡᠳᠲᠡ ᠡᠭᠦᠰᠴᠤ ᠳᠡᠯᠭᠡᠷᠡᠬᠦ ᠦᠶ᠎ᠡ ᠳᠤ᠂ | ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ | ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠬᠦ ᠶᠢ | ᠬᠠᠷᠢᠭᠤᠴᠠᠬᠤ ᠤᠨ ᠬᠠᠮᠲᠤ᠂ ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠲᠤ ᠡᠷᠬᠡ ᠣᠯᠭᠤᠨ ᠲᠤᠰ ᠵᠠᠰᠠᠭ ᠵᠠᠬᠢᠷᠭᠠᠨ ᠤ ᠬᠠᠷᠢᠶᠠᠲᠤ ᠤᠷᠤᠨ ᠤ ᠪᠠᠨ ᠬᠤᠯᠤᠭᠠᠨ᠎ᠠ | ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠵᠦ᠂ ᠬᠤᠯᠤᠭᠠᠨ᠎ᠠ ᠬᠢᠵᠢᠭ ᠤᠨ ᠪᠠᠶᠢᠳᠠᠯ ᠤᠨ | ᠮᠡᠳᠡᠭᠡ ᠵᠠᠩᠭᠢ ᠶᠢ ᠴᠠᠭ ᠲᠤᠬᠠᠢ ᠳᠤ ᠨᠢ᠂ ᠤᠨᠤᠪᠴᠢᠲᠠᠢ᠂ ᠪᠦᠷᠢᠨ ᠭᠦᠢᠴᠡᠳ ᠨᠡᠶᠢᠲᠡᠯᠡᠬᠦ ᠬᠡᠷᠡᠭᠲᠡᠢ᠃ |