ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠬᠤᠷᠠᠯᠳᠤᠭᠤᠯᠵᠤ ᠰᠢᠨ᠎ᠡ ᠵᠢᠯ ᠴᠠᠭᠠᠨ ᠰᠠᠷ᠎ᠠ ︽ᠬᠤᠣᠰ ᠪᠠᠶᠠᠷ︾ ᠤᠨ ᠬᠤᠭᠤᠴᠠᠭᠠᠨ ᠳᠤ ᠬᠢᠵᠢᠭ ᠭᠠᠮᠰᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠶᠠᠳᠠᠭᠤ ᠬᠦᠴᠢᠷᠳᠡᠯᠲᠡᠢ ᠣᠯᠠᠨ ᠲᠦᠮᠡᠨ ᠪᠠ ᠳᠣᠣᠷ᠎ᠠ ᠪᠠᠲᠤᠯᠠᠭᠠᠲᠤ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/1/19
       ᠯᠢ ᠺᠧ ᠴᠢᠶᠠᠩ 1 ᠳ᠋ᠦ᠋ᠭᠡᠷ ᠰᠠᠷ᠎ᠠ ᠶᠢᠨ 15 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ       ᠰᠢᠨ᠎ᠡ ᠵᠢᠯ ᠴᠠᠭᠠᠨ ᠰᠠᠷ᠎ᠠ ︽ᠬᠤᠣᠰ ᠪᠠᠶᠠᠷ︾ ᠤᠨ ᠬᠤᠭᠤᠴᠠᠭᠠᠨ ᠳᠤ ᠬᠢᠵᠢᠭ ᠭᠠᠮᠰᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠬᠦᠴᠢᠷᠳᠡᠯᠲᠡᠢ ᠤᠯᠠᠨ ᠲᠦᠮᠡᠨ ᠪᠣᠯᠤᠨ ᠳᠣᠣᠷ᠎ᠠ ᠪᠠᠲᠤᠯᠠᠭᠠᠲᠤ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠲᠤᠬᠠᠢ ᠪᠠᠶᠢᠷᠢᠯᠠᠭᠤᠯᠪᠠ        ᠡᠮ ᠤᠨ ᠵᠦᠶ᠋ᠯ ᠢ ᠲᠥᠪᠯᠡᠷᠡᠭᠦᠯᠵᠦ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠡᠪᠰᠢᠭᠦᠯᠵᠦ ᠳᠦᠷᠢᠮᠵᠢᠭᠰᠡᠨ ᠠᠷᠭ᠎ᠠ ᠬᠡᠮᠵᠢᠶ᠎ᠡ ᠪᠠᠷ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ ᠲᠤᠬᠠᠶ ᠪᠠᠶᠢᠷᠢᠯᠠᠭᠤᠯᠪᠠ       ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 15 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ  ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠨ᠎ᠡ ᠵᠢᠯ ᠴᠠᠭᠠᠨ ᠰᠠᠷ᠎ᠠ ︽ᠬᠤᠣᠰ ᠪᠠᠶᠠᠷ︾ ᠤᠨ ᠬᠤᠭᠤᠴᠠᠭᠠᠨ ᠳᠤ ᠬᠢᠵᠢᠭ ᠭᠠᠮᠰᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠬᠦᠴᠢᠷᠳᠡᠯᠲᠡᠢ ᠤᠯᠠᠨ ᠲᠦᠮᠡᠨ ᠪᠣᠯᠤᠨ ᠳᠣᠣᠷ᠎ᠠ ᠪᠠᠲᠤᠯᠠᠭᠠᠲᠤ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠬᠤ ᠲᠤᠬᠠᠢ ᠪᠠᠶᠢᠷᠢᠯᠠᠭᠤᠯᠪᠠ︔ ᠡᠮ ᠤᠨ ᠵᠦᠶ᠋ᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠬᠡᠪᠰᠢᠭᠦᠯᠵᠦ ᠳᠦᠷᠢᠮᠵᠢᠭᠰᠡᠨ ᠠᠷᠭ᠎ᠠ ᠬᠡᠮᠵᠢᠶ᠎ᠡ ᠪᠠᠷ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ ᠲᠤᠬᠠᠶ ᠪᠠᠶᠢᠷᠢᠯᠠᠭᠤᠯᠪᠠ᠃        ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠷᠠᠳ ᠤᠨ ᠠᠮᠢᠳᠤᠷᠠᠯ ᠤᠨ ᠦᠨᠳᠦᠰᠦᠨ ᠵᠦᠶ᠋ᠯ  ᠢ ᠪᠠᠲᠤᠯᠠᠬᠤ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠮᠰᠢᠭᠳᠠᠭᠰᠠᠨ ᠬᠥᠮᠦᠰ ᠤᠨ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠵᠦ᠂ ᠳᠣᠣᠷ᠎ᠠ ᠪᠠᠲᠤᠯᠠᠭᠠᠲᠤ ᠣᠯᠠᠨ ᠲᠦᠮᠡᠨ ᠳᠤ ᠠᠮᠢᠳᠤᠷᠠᠯ ᠪᠣᠯᠤᠨ ᠦᠨ᠎ᠡ ᠬᠠᠩᠰᠢ ᠶᠢᠨ ᠨᠥᠬᠦᠪᠥᠷᠢ ᠨᠡᠮᠡᠨ ᠣᠯᠭᠤᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠳᠤ ᠴᠢᠬᠤᠯᠠ ᠦᠶ᠋ᠯᠡᠳᠦᠯ ᠦᠵᠡᠭᠦᠯᠪᠡ᠃ ᠴᠠᠭᠠᠨ ᠰᠠᠷ᠎ᠠ ᠣᠶᠢᠷᠠᠲᠤᠭᠰᠠᠨ ᠲᠤᠯᠠ᠂ ᠠᠪᠤᠷᠠᠨ ᠲᠤᠰᠠᠯᠠᠵᠤ ᠪᠠᠲᠤᠯᠠᠬᠤ ᠴᠢᠬᠤᠯᠠᠲᠠᠢ ᠶᠠᠳᠠᠭᠤ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠬᠦ ᠠᠵᠢᠯ ᠢ ᠤᠯᠠᠮ ᠨᠢᠭᠡ ᠠᠯᠬᠤᠮ ᠣᠨᠣᠪᠴᠢᠲᠠᠢ ᠰᠠᠶᠢᠲᠤᠷ ᠬᠢᠬᠦ ᠬᠡᠷᠡᠭᠲᠡᠢ᠃ ᠨᠢᠭᠡ  ᠳᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠭᠦᠢᠴᠡᠳ ᠪᠠᠶᠢᠯᠭᠠᠬᠤ ᠪᠠ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠲᠠᠢ ᠬᠤᠯᠪᠣᠭᠳᠠᠭᠤᠯᠬᠤ ᠲᠣᠭᠲᠠᠴᠠ ᠶᠢ ᠡᠬᠢᠯᠡᠭᠦᠯᠵᠦ᠂ ᠳᠣᠣᠷ᠎ᠠ ᠪᠠᠲᠤᠯᠠᠭᠠᠲᠤ ᠣᠯᠠᠨ ᠲᠦᠮᠡᠨ ᠳᠤ ᠬᠤᠯᠪᠣᠭᠳᠠᠯ ᠪᠦᠬᠦᠢ ᠨᠥᠬᠦᠪᠥᠷᠢ ᠶᠢ ᠴᠠᠭ ᠲᠤᠬᠠᠢ ᠳᠤ ᠨᠢ ᠣᠯᠭᠤᠵᠤ᠂ ᠦᠨᠳᠦᠰᠦᠨ ᠠᠮᠢᠳᠤᠷᠠᠯ ᠢ ᠨᠢ ᠰᠠᠶᠢᠲᠤᠷ ᠪᠠᠲᠤᠯᠠᠬᠤ ᠬᠡᠷᠡᠭᠲᠡᠢ᠃ ᠬᠤᠶᠠᠷ ᠲᠤ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠶᠠᠳᠠᠭᠤ ᠬᠦᠴᠢᠷᠳᠡᠯ ᠤᠨ ᠵᠠᠭᠠᠭ ᠤᠨ ᠬᠥᠮᠦᠨ ᠠᠮᠠ ᠶᠢ ᠬᠢᠨᠠᠨ ᠰᠢᠨᠵᠢᠯᠡᠵᠦ ᠢᠯᠭᠠᠨ ᠪᠠᠶᠢᠴᠠᠭᠠᠬᠤ ᠪᠠᠨ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠡᠯ᠎ᠡ ᠭᠠᠵᠠᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠲᠤᠬᠠᠶ ᠶᠢᠨ ᠭᠠᠵᠠᠷ ᠲᠤ ᠪᠠᠨ ᠦᠯᠡᠳᠡᠭᠰᠡᠨ ᠬᠥᠯᠥᠰᠥᠨ ᠠᠵᠢᠯᠴᠢᠨ ᠪᠠ ᠰᠤᠷᠭᠠᠭᠤᠯᠢ ᠳᠤ ᠪᠠᠨ ᠦᠯᠡᠳᠡᠭᠰᠡᠨ ᠰᠤᠷᠤᠭᠴᠢᠳ ᠤᠨ ᠠᠮᠢᠳᠤᠷᠠᠯ ᠤᠨ ᠬᠤᠯᠪᠣᠭᠳᠠᠯ ᠪᠦᠬᠦᠢ ᠲᠣᠬᠢᠷᠠᠭᠤᠯᠤᠯᠲᠠ ᠶᠢ ᠰᠠᠶᠢᠲᠤᠷ ᠬᠢᠵᠦ᠂ ᠬᠥᠳᠡᠭᠡ ᠲᠣᠰᠬᠤᠨ ᠤ ᠭᠡᠷ ᠲᠤ ᠪᠠᠨ ᠬᠤᠴᠣᠷᠤᠭᠰᠠᠨ ᠬᠡᠦᠬᠡᠳ ᠪᠠ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠬᠤ ᠬᠡᠷᠡᠭᠲᠡᠶ᠃ ᠳᠥᠷᠪᠡ ᠳᠤ᠂ ᠪᠠᠶᠢᠳᠠᠯ ᠢ ᠣᠶᠢᠯᠠᠭᠠᠵᠤ ᠢᠯᠭᠠᠨ ᠪᠠᠶᠢᠴᠠᠭᠠᠵᠤ᠂ ᠥᠨᠥᠴᠢᠨ ᠬᠡᠦᠬᠡᠳ᠂ ᠵᠡᠮᠳᠡᠭᠴᠦᠳ᠂ ᠮᠡᠳᠡᠷᠡᠯ ᠤᠨ ᠡᠪᠡᠳᠴᠢᠲᠡᠨ ᠵᠡᠷᠭᠡ ᠶᠠᠳᠠᠭᠤ ᠬᠦᠴᠢᠷᠳᠡᠯᠲᠡᠶ ᠣᠨᠴᠠᠭᠠᠢ ᠬᠥᠮᠦᠰ ᠢ ᠬᠠᠪᠰᠤᠷᠤᠨ ᠠᠮᠢᠳᠤᠷᠠᠯ ᠤᠨ ᠬᠦᠴᠢᠷᠳᠡᠯ ᠢ ᠨᠢ ᠰᠢᠶ᠋ᠳᠪᠦᠷᠢᠯᠡᠵᠦ᠂ ᠲᠦᠷ ᠴᠠᠭ ᠤᠨ ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ ᠢ ᠴᠢᠭᠯᠡᠯᠲᠦ ᠴᠢᠨᠠᠷᠲᠠᠶ ᠪᠠᠷ ᠬᠠᠪᠰᠤᠷᠤᠨ ᠲᠡᠳᠬᠦᠬᠦ ᠬᠡᠷᠡᠭᠲᠡᠶ᠃ ᠲᠠᠪᠤ ᠳᠤ᠂ ᠦᠶᠡᠷ ᠤᠰᠤᠲᠤᠯ ᠳᠤ ᠭᠠᠮᠰᠢᠭᠳᠠᠭᠰᠠᠨ ᠣᠯᠠᠨ ᠲᠦᠮᠡᠨ ᠢᠯᠠᠩᠭᠤᠶ᠎ᠠ ᠲᠦᠷ ᠴᠠᠭ ᠲᠥᠪᠬᠢᠨᠡᠭᠦᠯᠦᠭᠰᠡᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠰᠠᠶᠢᠲᠤᠷ ᠪᠠᠲᠤᠯᠠᠬᠤ ᠬᠡᠷᠡᠭᠲᠡᠶ᠃ ᠵᠢᠷᠭᠤᠭ᠎ᠠ ᠳᠤ᠂ ᠠᠷᠠᠳ ᠤᠨ ᠠᠮᠢᠳᠤᠷᠠᠯ ᠢ ᠳᠡᠮᠵᠢᠬᠦ᠂ ᠠᠷᠠᠳ  ᠤᠨ ᠠᠮᠢᠳᠤᠷᠠᠯ ᠢ ᠪᠠᠲᠤᠯᠠᠬᠤ ᠶᠢᠨ ᠲᠣᠭᠤᠷᠢᠨ ᠳᠤ᠂ ᠲᠥᠪ ᠤᠨ ᠡᠳ᠋ ᠤᠨ ᠵᠠᠰᠠᠭ ᠠᠴᠠ ᠤᠷᠢᠳᠴᠢᠯᠠᠨ ᠪᠠᠭᠤᠯᠭᠠᠭᠰᠠᠨ 1000 ᠳ᠋ᠦᠩᠰᠢᠭᠤᠷ ᠲᠥᠭᠦᠷᠢᠭ ᠤᠨ ᠠᠪᠤᠷᠠᠨ ᠲᠤᠰᠠᠯᠠᠬᠤ ᠨᠥᠬᠦᠪᠥᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠨᠡᠭᠦᠯᠭᠡᠨ ᠬᠡᠷᠡᠭᠯᠡᠬᠦ ᠠᠴᠠ ᠰᠡᠷᠭᠡᠶᠢᠯᠡᠬᠦ ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠪᠡᠯᠡ ᠮᠥᠩᠭᠦ ᠶᠢ ᠭᠦᠢᠴᠡᠳ ᠬᠡᠮᠵᠢᠶ᠎ᠡ ᠪᠠᠷ ᠣᠷᠣᠭᠤᠯᠵᠤ᠂ ᠪᠡᠯᠡ ᠮᠥᠩᠭᠦ ᠶᠢ ᠰᠢᠭᠤᠳ ᠬᠦᠷᠭᠡᠬᠦ ᠱᠠᠭᠠᠷᠳᠠᠯᠭ᠎ᠠ ᠶᠣᠰᠣᠭᠠᠷ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠴᠢᠬᠤᠯᠠᠲᠠᠢ ᠤᠯᠠᠨ ᠲᠦᠮᠡᠨ ᠳᠤ ᠴᠠᠭ ᠲᠤᠬᠠᠢ ᠳᠤ ᠨᠢ ᠭᠦᠢᠴᠡᠳ ᠣᠯᠭᠤᠬᠤ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠬᠤ ᠳᠤ ᠪᠠᠨ᠂ ᠣᠳᠣᠬᠠᠨ ᠤ ᠬᠡᠰᠡᠭ ᠭᠠᠵᠠᠷ ᠤᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠳᠤ ᠴᠢᠭᠯᠡᠭᠦᠯᠦᠨ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠶᠢ ᠵᠡᠷᠭᠡ ᠳᠤ ᠨᠢ ᠠᠬᠢᠭᠤᠯᠵᠤ᠂ ᠠᠮᠤ ᠪᠤᠳᠠᠭ᠎ᠠ ᠭᠤᠯᠢᠷ ᠲᠣᠰᠣ᠂ ᠢᠳᠡᠰᠢᠨ ᠨᠣᠭᠤᠭ᠎ᠠ᠂ ᠮᠢᠬ᠎ᠠ ᠥᠨᠳᠡᠭᠡ ᠰᠦ ᠵᠡᠷᠭᠡ ᠠᠮᠢᠳᠤᠷᠠᠯ ᠤᠨ ᠡᠳ᠋ ᠪᠣᠳᠠᠰ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠰᠠᠶᠢᠲᠤᠷ ᠪᠠᠲᠤᠯᠠᠵᠤ᠂ ᠣᠯᠠᠨ ᠲᠦᠮᠡᠨ ᠢ ᠰᠡᠳᠬᠢᠯ ᠠᠮᠤᠷ ᠰᠢᠨᠡᠯᠡᠭᠦᠯᠬᠦ ᠬᠡᠷᠡᠭᠲᠡᠶ ᠭᠡᠵᠡᠢ᠃ ᠬᠤᠷᠠᠯ ᠠᠴᠠ ᠵᠢᠭᠠᠬᠤ ᠳᠤ ᠪᠠᠨ᠂ ᠡᠷᠡᠭᠦᠯ ᠮᠡᠨᠳᠦ ᠪᠣᠯ ᠠᠷᠠᠳ ᠤᠯᠠᠨ ᠤ ᠠᠮᠢ ᠪᠡᠶ᠎ᠡ ᠳᠤ ᠬᠤᠯᠪᠣᠭᠳᠠᠭᠰᠠᠨ ᠶᠡᠭᠡ ᠶᠠᠪᠤᠳᠠᠯ ᠮᠥᠨ᠃ ᠡᠪᠡᠳᠴᠢᠨ ᠦᠵᠡᠭᠦᠯᠬᠦ  ᠳᠤ ᠦᠨ᠎ᠡ ᠲᠥᠯᠥᠪᠦᠷᠢ ᠶᠡᠭᠡ ᠠᠰᠠᠭᠤᠳᠠᠯ ᠢ ᠠᠯᠬᠤᠮ ᠠᠯᠬᠤᠮ ᠢᠶᠠᠷ ᠰᠢᠶ᠋ᠳᠪᠦᠷᠢᠯᠡᠬᠦ ᠶᠢᠨ ᠲᠥᠯᠥᠭᠡ᠂ ᠣᠶᠢᠷ᠎ᠠ ᠶᠢᠨ ᠵᠢᠯ ᠳᠤ ᠤᠯᠤᠰ ᠠᠴᠠ ᠡᠮ ᠤᠨ ᠵᠦᠶ᠋ᠯ ᠢ ᠲᠥᠪᠯᠡᠷᠡᠭᠦᠯᠵᠦ ᠬᠡᠮᠵᠢᠶ᠎ᠡ ᠲᠣᠭᠲᠠᠭᠠᠨ ᠬᠤᠳᠠᠯᠳᠤᠨ ᠠᠪᠬᠤ ᠪᠠ ᠬᠡᠷᠡᠭᠯᠡᠬᠦ ᠴᠢᠬᠤᠯᠠ ᠶᠡᠭᠡ ᠥᠭᠡᠷᠡᠴᠢᠯᠡᠯᠲᠡ ᠶᠢ ᠠᠬᠢᠭᠤᠯᠵᠤ᠂ ᠨᠢᠳᠤᠨᠤᠨ ᠤ ᠵᠢᠯ ᠤᠨ ᠰᠡᠭᠦᠯᠴᠢ ᠪᠣᠯᠲᠠᠯ᠎ᠠ ᠨᠢᠭᠡᠨᠲᠡ ᠭᠤᠷᠪᠠᠨ ᠪᠦᠯᠦᠭ ᠢ ᠲᠥᠪᠯᠡᠷᠡᠭᠦᠯᠦᠨ ᠬᠤᠳᠠᠯᠳᠤᠨ ᠠᠪᠴᠤ᠂ ᠬᠠᠮᠤᠷᠤᠭᠰᠠᠨ ᠡᠮ ᠤᠨ ᠵᠦᠶ᠋ᠯ ᠤᠨ ᠦᠨ᠎ᠡ ᠶᠢ ᠳᠤᠮᠳᠠᠴᠢ ᠪᠠᠷ 54% ᠪᠠᠷ ᠪᠠᠭᠤᠷᠠᠭᠤᠯᠵᠤ᠂ ᠵᠢᠯ ᠪᠦᠷᠢ 530 ᠭᠠᠷᠤᠶ ᠳ᠋ᠦᠩᠰᠢᠭᠤᠷ ᠲᠥᠭᠦᠷᠢᠭ ᠤᠨ ᠵᠠᠷᠤᠳᠠᠯ ᠠᠷᠪᠢᠯᠠᠵᠤ᠂ ᠲᠦᠭ ᠲᠦᠮᠡᠨ ᠡᠪᠡᠳᠴᠢᠲᠡᠨ ᠳᠤ ᠠᠰᠢᠭ ᠬᠦᠷᠲᠡᠭᠡᠪᠡ᠃ ᠣᠶᠢᠷ᠎ᠠ  ᠳᠤ ᠪᠠᠰᠠ ᠳᠥᠷᠪᠡᠳᠦᠭᠡᠷ ᠪᠦᠯᠦᠭ ᠢ ᠲᠥᠪᠯᠡᠷᠡᠭᠦᠯᠵᠦ ᠬᠤᠳᠠᠯᠳᠤᠨ ᠠᠪᠬᠤ ᠠᠵᠢᠯ ᠢ ᠥᠷᠨᠢᠭᠦᠯᠬᠦ ᠶᠢᠨ ᠬᠠᠮᠲᠤ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠡᠪᠴᠢᠶ᠎ᠡ ᠶᠢ ᠥᠷᠭᠡᠳᠬᠡᠨ᠎ᠡ ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠣᠰᠣᠭᠠᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠡᠮ ᠤᠨ ᠵᠦᠶ᠋ᠯ ᠢ ᠲᠥᠪᠯᠡᠷᠡᠭᠦᠯᠵᠦ ᠬᠤᠳᠠᠯᠳᠤᠨ ᠠᠪᠬᠤ ᠶᠢ ᠬᠡᠪᠰᠢᠭᠦᠯᠦᠨ ᠳᠦᠷᠢᠮᠵᠢᠭᠦᠯᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠨᠢᠭᠡ ᠳᠤ᠂ ᠦᠨᠳᠦᠰᠦᠨ ᠵᠦᠶ᠋ᠯ ᠢ ᠪᠠᠲᠤᠯᠠᠬᠤ᠂ ᠡᠮᠴᠢᠯᠡᠭᠡ ᠶᠢ ᠪᠠᠲᠤᠯᠠᠬᠤ ᠵᠠᠷᠴᠢᠮ ᠶᠣᠰᠣᠭᠠᠷ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠶ᠋ᠯ ᠤᠨ ᠭᠠᠷᠴᠠᠭ ᠲᠠᠬᠢ ᠬᠡᠷᠡᠭᠯᠡᠬᠦ ᠬᠡᠮᠵᠢᠶ᠎ᠡ ᠪᠠᠷ ᠶᠡᠭᠡ᠂ ᠬᠤᠳᠠᠯᠳᠤᠨ ᠠᠪᠬᠤ ᠵᠣᠭᠤᠰ ᠤᠨ ᠲᠤᠭ᠎ᠠ ᠨᠢ ᠶᠡᠭᠡ ᠡᠮ ᠤᠨ ᠵᠦᠶ᠋ᠯ ᠢ ᠭᠤᠣᠯᠳᠠᠯᠭ᠎ᠠ ᠲᠠᠢ ᠪᠠᠷ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠵᠤ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠭᠠᠷᠭᠠᠭᠰᠠᠨ ᠡᠮᠴᠢᠯᠡᠭᠡᠨ ᠳᠤ ᠵᠠᠪᠠᠯ ᠬᠡᠷᠡᠭᠰᠡᠬᠦ᠂ ᠶᠠᠰᠤ ᠴᠢᠨᠠᠷ ᠨᠢ ᠨᠠᠶᠢᠳᠠᠪᠤᠷᠢᠲᠠᠶ ᠡᠯ᠎ᠡ ᠲᠥᠷᠥᠯ ᠤᠨ ᠡᠮ ᠪᠠ ᠬᠤᠷᠣᠭᠳᠠᠯ ᠮᠠᠲ᠋ᠧᠷᠢᠶᠠᠯ ᠢ ᠠᠯᠬᠤᠮ ᠠᠯᠬᠤᠮ ᠢᠶᠠᠷ ᠬᠠᠮᠢᠶᠠᠷᠤᠭᠤᠯᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠦᠬᠦᠨ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠬᠤ ᠬᠡᠷᠡᠭᠲᠡᠶ᠃ ᠬᠤᠪᠣᠷ ᠲᠣᠬᠢᠶᠠᠯᠳᠤᠬᠤ ᠡᠪᠡᠳᠴᠢᠨ ᠢ ᠵᠠᠰᠠᠬᠤ ︽ᠬᠤᠪᠣᠷ ᠨᠠᠨᠳᠢᠨ ᠡᠮ︾ ᠢ ᠬᠤᠳᠠᠯᠳᠤᠨ ᠠᠪᠬᠤ ᠳᠤ ᠣᠨᠴᠠᠭᠠᠶ ᠲᠣᠬᠢᠷᠠᠭᠤᠯᠤᠯᠲᠠ ᠬᠢᠬᠦ ᠲᠤᠬᠠᠢ ᠰᠤᠳᠤᠯᠬᠤ ᠬᠡᠷᠡᠭᠲᠡᠢ᠃ ᠬᠤᠶᠠᠷ ᠲᠤ᠂ ᠨᠥᠬᠦᠴᠡᠯ ᠳᠤ ᠨᠡᠶᠢᠴᠡᠬᠦ ᠳᠠᠭᠤᠷᠢᠶᠠᠮᠠᠯ ᠡᠮ᠂ ᠤᠤᠯ ᠤᠨ ᠨᠠᠶᠢᠷᠠᠯᠭ᠎ᠠ ᠡᠮ ᠪᠠ ᠬᠠᠷᠢᠴᠠᠭᠤᠯᠬᠤ ᠨᠠᠶᠢᠷᠠᠯᠭ᠎ᠠ ᠶᠢ ᠴᠥᠮ ᠨᠡᠶᠢᠳᠡᠮ ᠬᠡᠷᠡᠭᠯᠡᠬᠦ ᠨᠡᠷ᠎ᠡ ᠪᠠᠷ ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠯᠴᠠᠭᠤᠯᠵᠤ᠂ ᠶᠠᠰᠤ ᠴᠢᠨᠠᠷ ᠪᠠ ᠦᠨ᠎ᠡ ᠬᠠᠩᠰᠢ ᠶᠢᠨ ᠭᠤᠤᠯᠴᠢ ᠥᠷᠢᠰᠥᠯᠳᠦᠭᠡᠨ ᠢᠶᠠᠷ ᠳᠠᠮᠵᠢᠭᠤᠯᠤᠨ ᠰᠣᠩᠭᠤᠭᠳᠠᠭᠰᠠᠨ ᠠᠵᠤ ᠠᠬᠤᠶᠢᠯᠠᠯ ᠪᠠ ᠡᠮ ᠤᠨ ᠵᠦᠶ᠋ᠯ᠂ ᠬᠤᠷᠣᠭᠳᠠᠯ ᠮᠠᠲ᠋ᠧᠷᠢᠶᠠᠯ ᠢ ᠪᠣᠶ ᠪᠣᠯᠭᠠᠨ᠎ᠠ᠃ ᠡᠮᠴᠢᠯᠡᠭᠡᠨ ᠤ ᠪᠠᠶᠢᠭᠤᠯᠤᠮᠵᠢ ᠨᠤᠭᠤᠳ ᠠᠴᠠ ᠰᠣᠩᠭᠤᠭᠳᠠᠭᠰᠠᠨ ᠡᠮ ᠤᠨ ᠵᠦᠶ᠋ᠯ ᠢ ᠡᠩ ᠲᠡᠷᠢᠭᠦᠨ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠡᠷᠡᠭᠴᠡᠭᠡ ᠱᠠᠭᠠᠷᠳᠠᠯᠭ᠎ᠠ ᠶᠣᠰᠣᠭᠠᠷ ᠬᠤᠳᠠᠯᠳᠤᠨ ᠠᠪᠬᠤ ᠬᠡᠮᠵᠢᠶ᠎ᠡ ᠪᠠᠨ ᠠᠯᠢ ᠴᠢᠳᠠᠬᠤ ᠪᠠᠷ ᠳᠡᠭᠡᠭᠰᠢᠯᠡᠭᠦᠯᠬᠦ ᠬᠡᠷᠡᠭᠲᠡᠶ᠃ ᠰᠣᠩᠭᠤᠭᠳᠠᠭᠰᠠᠨ ᠠᠵᠤ ᠠᠬᠤᠶᠢᠯᠠᠯ ᠠᠴᠠ ᠦᠨ᠎ᠡ ᠪᠠᠨ ᠪᠠᠭᠤᠷᠠᠭᠤᠯᠪᠠᠴᠤ ᠶᠠᠰᠤ ᠴᠢᠨᠠᠷ ᠢᠶᠠᠨ ᠪᠠᠭᠤᠷᠠᠭᠤᠯᠬᠤ ᠥᠬᠡᠶ ᠂ ᠡᠮᠴᠢᠯᠡᠭᠡᠨ ᠤ ᠦᠷ᠎ᠡ ᠪᠦᠲᠦᠮᠵᠢ ᠶᠢ ᠪᠠᠭᠤᠷᠠᠭᠤᠯᠬᠤ ᠥᠬᠡᠶ ᠪᠠᠶᠢᠵᠤ᠂ ᠬᠠᠩᠭᠠᠯᠭ᠎ᠠ ᠶᠢ ᠪᠠᠲᠤᠯᠠᠬᠤ ᠬᠡᠷᠡᠭᠲᠡᠶ᠃ ᠰᠣᠩᠭᠤᠭᠳᠠᠭᠰᠠᠨ ᠡᠮ ᠤᠨ ᠵᠦᠶ᠋ᠯ ᠪᠠ ᠬᠤᠷᠣᠭᠳᠠᠯ ᠮᠠᠲ᠋ᠧᠷᠢᠶᠠᠯ ᠤᠨ ᠦᠶ᠋ᠯᠡᠳᠪᠦᠷᠢᠯᠡᠯ᠂ ᠭᠦᠶ᠋ᠯᠭᠡᠭᠡ᠂ ᠬᠡᠷᠡᠭᠯᠡᠯᠲᠡ  ᠶᠢᠨ ᠪᠥᠬᠦ ᠬᠡᠯᠬᠢᠶᠡᠰᠦ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠲᠥᠪᠯᠡᠷᠡᠭᠦᠯᠦᠨ ᠬᠤᠳᠠᠯᠳᠤᠨ ᠠᠪᠬᠤ ᠳᠤ ᠪᠠᠨ ᠡᠪᠡᠳᠴᠢᠲᠡᠨ  ᠤ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ᠂ ᠠᠵᠤ ᠠᠬᠤᠶᠢᠯᠠᠯ ᠤᠨ ᠵᠦᠶ ᠵᠣᠬᠢᠰᠲᠠᠶ ᠠᠰᠢᠭ ᠬᠤᠨᠵᠢᠪᠣᠷᠢ ᠶᠢ ᠬᠠᠮᠲᠤ ᠳᠤ ᠨᠢ ᠬᠠᠷᠠᠭᠠᠯᠵᠠᠵᠤ᠂ ᠡᠮ ᠤᠨ ᠵᠦᠶ᠋ᠯ᠂ ᠬᠤᠷᠣᠭᠳᠠᠯ ᠮᠠᠲ᠋ᠧᠷᠢᠶᠠᠯ ᠤᠨ ᠠᠵᠢᠯ ᠲᠥᠷᠥᠯ ᠤᠨ ᠥᠷᠢᠰᠥᠯᠳᠦᠭᠡᠨ ᠤ ᠳᠤᠮᠳᠠ ᠲᠥᠪᠯᠡᠷᠡᠭᠦᠯᠬᠦ ᠬᠡᠮᠵᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠦᠶ᠋ᠯᠡᠳᠬᠦᠨ ᠤ ᠰᠢᠨ᠎ᠡ ᠶᠢ ᠡᠭᠦᠳᠦᠨ ᠲᠠᠰ ᠳᠡᠪᠰᠢᠬᠦ ᠶᠢ ᠠᠬᠢᠭᠤᠯᠵᠤ᠂ ᠠᠷᠪᠢᠯᠠᠭᠰᠠᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠪᠠᠶᠢᠭᠤᠯᠤᠮᠵᠢ ᠶᠢᠨ ᠦᠯᠡᠳᠡᠪᠦᠷᠢ ᠪᠣᠯᠭᠠᠨ ᠦᠯᠡᠳᠡᠭᠡᠨ ᠬᠡᠷᠡᠭᠯᠡᠬᠦ ᠶᠢ ᠤᠷᠮᠠᠰᠢᠭᠤᠯᠵᠤ᠂ ᠡᠨᠡ ᠬᠦ ᠥᠭᠡᠷᠡᠴᠢᠯᠡᠯᠲᠡ ᠳᠤ ᠡᠪᠡᠳᠴᠢᠲᠡᠨ ᠪᠠ ᠠᠵᠤ ᠠᠬᠤᠶᠢᠯᠠᠯ᠂ ᠡᠮᠴᠢᠯᠡᠭᠡᠨ ᠤ ᠪᠠᠶᠢᠭᠤᠯᠤᠮᠵᠢ ᠳᠤ ᠴᠥᠮ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠲᠡᠶ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠥᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号