ᠦᠯᠦ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠵᠦ ᠡᠪᠡᠳᠴᠢᠨ ᠬᠢᠵᠢᠭ ᠢ ᠰᠡᠷᠭᠡᠶᠢᠯᠡᠬᠦ ᠢᠳᠡᠭᠡᠨ
ᠨᠡᠶᠢᠲᠡᠯᠡᠭᠰᠡᠨ ᠴᠠᠭ᠄
2021/11/27
            ᠲᠤᠩ ᠬᠢᠰᠤᠭ᠎ᠠ ᠶᠢᠨ ᠲᠦᠷᠦᠯ + ᠮᠦᠬᠦ ᠶᠢᠨ ᠲᠦᠷᠦᠯ — ᠴᠠᠶᠢᠷ ᠨᠢ ᠦᠯᠦ ᠬᠠᠯᠳᠠᠭᠠᠬᠤ ᠴᠢᠳᠠᠪᠤᠷᠢ ᠳᠤ ᠵᠤᠬᠢᠬᠤ ᠲᠤᠬᠢᠷᠠᠭᠤᠯᠤᠯᠲᠠ ᠪᠤᠯᠳᠠᠭ᠃ ᠲᠤᠩ ᠬᠢᠰᠤᠭ᠎ᠠ ᠶᠢᠨ ᠲᠦᠷᠦᠯ ᠤᠨ ᠢᠳᠡᠭᠡᠨ ᠳᠤ ᠴᠠᠶᠢᠷ ᠡᠯᠪᠡᠭ ᠠᠭᠤᠯᠤᠭᠳᠠᠳᠠᠭ᠃ ᠬᠡᠷᠪᠡ ᠲᠤᠩ ᠬᠢᠰᠤᠭ᠎ᠠ ᠶᠢᠨ ᠲᠦᠷᠦᠯ ᠢ ᠦᠷᠭᠦᠯᠵᠢ ᠢᠳᠡᠬᠦ ᠦᠭᠡᠢ ᠳᠤ ᠬᠦᠷᠪᠡᠯ ᠮᠦᠬᠦ ᠶᠢᠨ ᠲᠦᠷᠦᠯ ᠢ ᠢᠳᠡᠭᠰᠡᠨ ᠴᠦ ᠪᠤᠯᠤᠨ᠎ᠠ᠃ ᠮᠦᠭᠦ ᠶᠢᠨ ᠲᠦᠷᠦᠯ ᠤᠨ ᠢᠳᠡᠭᠡᠨ ᠳᠤ ᠴᠠᠶᠢᠷ ᠡᠯᠪᠡᠭ ᠪᠠᠶᠢᠬᠤ ᠠᠴᠠ ᠭᠠᠳᠠᠨ᠎ᠠ᠂ ᠰᠢᠬᠢᠷ ᠡᠯᠪᠡᠭ ᠪᠠᠶᠢᠵᠦ᠂ ᠦᠯᠤ ᠬᠠᠯᠳᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠢ᠃ ᠡᠭᠦᠨ  ᠠᠴᠠ ᠭᠠᠳᠠᠨ᠎ᠠ᠂ ᠠᠮᠢᠲᠠᠨ ᠤ ᠡᠯᠢᠭᠡ᠂ ᠪᠤᠭᠤᠳᠠᠢ ᠶᠢᠨ ᠬᠦᠪᠤᠷᠡᠯ ᠤᠨ ᠨᠤᠨᠳᠠᠭ᠂ ᠬᠠᠷ᠎ᠠ ᠮᠢᠬ᠎ᠠ᠂ ᠬᠡᠭᠡᠷ᠎ᠡ ᠶᠢᠨ ᠬᠤᠰᠢᠭ᠎ᠠ ᠳᠤ ᠴᠦ ᠴᠠᠶᠢᠷ ᠨᠡᠯᠢᠶᠡᠳ ᠡᠯᠪᠡᠭ ᠪᠠᠶᠢᠳᠠᠭ᠃ ᠡᠯᠢᠭᠡ + ᠤᠯᠠᠪᠤᠷ ᠰᠢᠷ᠎ᠠ ᠦᠩᠭᠡᠲᠡᠢ ᠨᠤᠭᠤᠭ᠎ᠠ — ᠵᠢᠱᠢᠶᠡᠯᠡᠪᠡᠯ ᠡᠯᠢᠭᠡ᠂ ᠭᠠᠯᠠᠭᠤᠨ ᠦᠨᠳᠡᠭᠡᠨ ᠰᠢᠷ᠎ᠠ᠂ ᠵᠢᠭᠠᠰᠤᠨ ᠲᠤᠰᠤᠨ ᠳᠤ ᠸᠢᠲ᠋ᠠᠮᠢᠨ A ᠮᠠᠰᠢ ᠡᠯᠪᠡᠭ ᠪᠠᠶᠢᠳᠠᠭ᠃ ᠸᠢᠲ᠋ᠠᠮᠢᠨ A ᠨᠢᠳᠤᠨ ᠤ ᠬᠠᠷᠠᠭ᠎ᠠ ᠬᠠᠮᠠᠭᠠᠯᠠᠳᠠᠭ ᠢ ᠤᠯᠠᠨ ᠢᠶᠠᠷ ᠢᠶᠠᠨ ᠪᠦᠷ ᠮᠡᠳᠡᠨ᠎ᠡ᠃ ᠦᠨᠡᠨ ᠳᠡᠭᠡᠨ ᠲᠡᠷᠡ ᠪᠤᠯ ᠦᠯᠤ ᠬᠠᠯᠳᠠᠭᠠᠬᠤ ᠴᠢᠳᠠᠪᠤᠷᠢ  ᠲᠠᠢ ᠨᠢᠭᠲᠠ ᠬᠠᠷᠢᠴᠠᠭ᠎ᠠ ᠲᠠᠢ ᠶᠤᠮ᠃ ᠭᠦᠨ ᠨᠤᠭᠤᠭᠠᠨ ᠦᠩᠭᠡᠲᠡᠢ ᠨᠤᠭᠤᠭ᠎ᠠ + ᠲᠤᠯᠤᠭᠤᠨ᠎ᠠ — ᠨᠤᠭᠤᠭᠠᠨ ᠴᠡᠴᠡᠭᠳᠤ ᠴᠠᠭᠠᠨ ᠨᠣᠭᠤᠭ᠎ᠠ᠂ ᠦᠷᠭᠡᠰᠤᠳᠤ ᠨᠤᠭᠤᠭ᠎ᠠ ᠵᠡᠷᠭᠡ ᠭᠦᠨ ᠨᠤᠭᠤᠭᠠᠨ ᠦᠩᠭᠡᠲᠡᠢ ᠨᠤᠭᠤᠭ᠎ᠠ︔ ᠲᠤᠯᠤᠭᠤᠨ᠎ᠠ᠂ ᠴᠢᠪᠠᠭ᠎ᠠ᠂ ᠭᠠᠲᠢᠷ᠎ᠠ ᠎ ᠶᠢᠨ ᠵᠢᠮᠢᠰ᠂ ᠬᠦᠵᠡᠯᠵᠡᠭᠡᠨ᠎ᠡ ᠵᠡᠷᠭᠡ ᠵᠢᠮᠢᠰ ᠨᠢ ᠪᠦᠷ ᠸᠢᠲ᠋ᠠᠮᠢᠨ C᠎ ᠶᠢᠨ ᠠᠪᠤᠷᠭᠤ ᠤᠳ ᠶᠤᠮ᠃ ᠸᠢᠲ᠋ᠠᠮᠢᠨ C ᠎ ᠨᠢ ᠡᠰᠡᠷᠭᠦᠴᠡᠯ ᠴᠤᠭᠴᠠ ᠶᠢᠨ ᠪᠦᠷᠢᠯᠳᠦᠯ ᠢ ᠠᠬᠢᠭᠤᠯᠳᠠᠭ᠃ ᠳᠠᠯᠠᠢ ᠶᠢᠨ ᠵᠢᠭᠠᠰᠤ — ᠸᠢᠲ᠋ᠠᠮᠢᠨ D ᠦᠯᠤ ᠬᠠᠯᠳᠠᠭᠠᠬᠤ ᠴᠢᠳᠠᠪᠤᠷᠢ ᠶᠢ ᠴᠢᠩᠭᠠᠷᠠᠭᠤᠯᠵᠦ᠂ ᠸᠢᠲ᠋ᠠᠮᠢᠨ D ᠲᠤᠲᠠᠭᠳᠠᠪᠠᠯ ᠪᠡᠶ᠎ᠡ ᠶᠢᠨ ᠬᠡᠪ ᠤᠨ ᠴᠢᠳᠠᠪᠤᠷᠢ ᠶᠢ ᠨᠦᠯᠦᠭᠡᠯᠡᠳᠡᠭ᠃ ᠨᠠᠷᠠᠨ ᠳᠤ ᠡᠭᠡᠭᠡᠬᠦ ᠪᠤᠯ ᠸᠢᠲ᠋ᠠᠮᠢᠨ D ᠰᠢᠩᠭᠡᠭᠡᠨ ᠠᠪᠬᠤ ᠪᠦᠳᠦᠮᠵᠢᠲᠠᠢ ᠠᠷᠭ᠎ᠠ ᠪᠤᠯᠪᠠᠴᠤ᠂ ᠡᠪᠤᠯ ᠤᠨ ᠤᠯᠠᠷᠢᠯ ᠳᠤ ᠬᠠᠮᠤᠭ ᠰᠠᠶᠢᠨ ᠨᠢ ᠸᠢᠲ᠋ᠠᠮᠢᠨ D ᠡᠯᠪᠡᠭ ᠢᠳᠡᠭᠡᠨ ᠨᠦ᠋ᠬᠦᠪᠤᠷᠢᠯᠡᠪᠡᠯ ᠵᠤᠬᠢᠨ᠎ᠠ᠃ ᠳᠠᠯᠠᠢ ᠶᠢᠨ ᠵᠢᠭᠠᠰᠤ᠂ ᠠᠮᠢᠲᠠᠨ ᠤ ᠡᠯᠢᠭᠡ᠂ ᠵᠢᠭᠠᠰᠤᠨ ᠲᠤᠰᠤ᠂ ᠦᠨᠳᠡᠭᠡᠨ ᠳᠤ ᠸᠢᠲ᠋ᠠᠮᠢᠨ D᠎ ᠶᠢᠨ ᠠᠭᠤᠯᠤᠭᠳᠠᠴᠠ ᠬᠠᠷᠢᠴᠠᠩᠭᠤᠢ ᠡᠯᠪᠡᠭ ᠪᠠᠶᠢᠳᠠᠭ᠃ ᠠᠮᠢᠲᠠᠨ ᠤ ᠴᠢᠰᠤ + ᠡᠯᠢᠭᠡ — ᠬᠠᠷ᠎ᠠ ᠮᠢᠬ᠎ᠠ᠂ ᠠᠮᠢᠲᠠᠨ ᠤ ᠴᠢᠰᠤ᠂ ᠡᠯᠢᠭᠡ ᠵᠡᠷᠭᠡ ᠢᠳᠡᠭᠡᠨ ᠨᠢ ᠲᠡᠮᠤᠷ ᠡᠯᠪᠡᠭᠲᠡᠢ ᠪᠦᠭᠡᠳ ᠰᠢᠩᠭᠡᠭᠡᠵᠦ ᠠᠪᠬᠤ ᠳᠤ ᠰᠠᠶᠢᠨ ᠪᠠᠶᠢᠳᠠᠭ᠃ ᠡᠳᠤᠷ ᠪᠦᠷᠢ 40 ~75 ᠭᠷᠠᠮ ᠮᠢᠬ᠎ᠠ ᠢᠳᠡᠵᠦ᠂ ᠠᠮᠢᠲᠠᠨ ᠤ ᠡᠯᠢᠭᠡ ᠶᠢ ᠰᠠᠷ᠎ᠠ ᠪᠦᠷᠢ 2~3 ᠤᠳᠠᠭ᠎ᠠ᠂ ᠤᠳᠠᠭ᠎ᠠ ᠪᠦᠷᠢ 25 ᠭᠷᠠᠮ ᠤᠷᠴᠢᠮ ᠢᠳᠡᠪᠡᠯ ᠰᠠᠶᠢᠨ ᠪᠠᠶᠢᠳᠠᠭ᠃ ᠦᠨᠢᠶᠡᠨ ᠰᠦ + ᠲᠠᠬᠢᠶᠠᠨ ᠦᠨᠳᠡᠭᠡ — ᠢᠳᠡᠭᠡᠨ ᠤᠮᠳᠠᠭᠠᠨ ᠳᠤ ᠤᠭᠤᠷᠠᠭ ᠲᠤᠲᠠᠭᠳᠠᠪᠠᠯ ᠪᠡᠶ᠎ᠡ ᠶᠢᠨ ᠦᠯᠤ ᠬᠠᠯᠳᠠᠭᠠᠬᠤ ᠴᠢᠳᠠᠪᠤᠷᠢ ᠪᠠᠭᠤᠷᠠᠨ᠎ᠠ᠃ ᠤᠭᠤᠷᠠᠭ ᠶᠡᠬᠡᠲᠡᠢ ᠢᠳᠡᠭᠡᠨ ᠲᠤᠩ ᠠᠷᠪᠢᠨ ᠪᠤᠢ᠂ ᠦᠨᠢᠶᠡᠨ ᠰᠦ᠂ ᠴᠠᠭᠠᠨ ᠢᠳᠡᠭᠡ᠂ ᠲᠠᠬᠢᠶᠠᠨ ᠦᠨᠳᠡᠭᠡ᠂ ᠮᠠᠯ ᠵᠢᠭᠦᠷᠲᠡᠨ ᠤ ᠮᠢᠬ᠎ᠠ᠂ ᠵᠢᠭᠠᠰᠤ᠂ ᠰᠠᠮ ᠬᠤᠷᠤᠬᠠᠢ᠂ ᠰᠢᠷ᠎ᠠ ᠪᠤᠷᠴᠠᠭ  ᠨᠢ ᠴᠦᠮ ᠴᠢᠨᠠᠷᠯᠢᠭ ᠤᠭᠤᠷᠠᠭ ᠤᠨ ᠰᠠᠶᠢᠨ ᠢᠷᠡᠯᠲᠡ ᠮᠥᠨ᠃    
 
ᠢᠷᠡᠯᠲᠡ᠄ ᠠᠷᠠᠳ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号