ᠶᠠᠭᠤᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠡᠭᠡᠯᠢᠯᠡᠭᠡ ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠶᠢ ᠲᠠᠷᠢᠬᠤ ᠪᠤᠢ
ᠨᠡᠶᠢᠲᠡᠯᠡᠭᠰᠡᠨ ᠴᠠᠭ᠄
2021/11/27
                   ᠶᠠᠭᠤᠨ ᠳᠤ ᠴᠢᠩᠭᠠᠳᠬᠠᠬᠤ ᠲᠠᠷᠢᠯᠭ᠎ᠠ ᠶᠢ ᠲᠠᠷᠢᠬᠤ ᠪᠤᠢ︖ ᠶᠠᠮᠠᠷ ᠬᠥᠮᠦᠰ ᠴᠢᠩᠭᠠᠳᠬᠠᠬᠤ ᠲᠠᠷᠢᠯᠭ᠎ᠠ ᠶᠢ ᠲᠠᠷᠢᠬᠤ ᠴᠢᠬᠤᠯᠠᠲᠠᠶ ᠪᠣᠶ︖ ᠬᠡᠵᠢᠶ᠎ᠡ ᠲᠠᠷᠢᠯᠭ᠎ᠠ ᠲᠠᠷᠢᠬᠤ ᠪᠣᠢ︖ ᠠᠯᠢ ᠵᠦᠶ᠋ᠯ ᠤᠨ ᠴᠢᠩᠭᠠᠳᠬᠠᠬᠤ ᠲᠠᠷᠢᠯᠭ᠎ᠠ  ᠶᠢ ᠲᠠᠷᠢᠬᠤ ᠪᠣᠶ︖ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠴᠢᠩᠭᠠᠳᠬᠠᠬᠤ ᠲᠠᠷᠢᠯᠭ᠎ᠠ ᠶᠢ ᠲᠠᠷᠢᠬᠤ ᠲᠤᠬᠠᠢ ᠡᠳᠡᠭᠡᠷ ᠬᠠᠯᠠᠮᠰᠢᠯ ᠠᠰᠠᠭᠤᠳᠠᠯ ᠳᠤ ᠴᠢᠭᠯᠡᠭᠦᠯᠦᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠯᠲᠠ ᠥᠭᠪᠡ ᠃ ᠬᠠᠯᠠᠮᠰᠢᠯ ᠠᠰᠠᠭᠤᠳᠠᠯ ᠨᠢᠭᠡ᠄ ᠶᠠᠭᠤᠨ ᠳᠤ ᠴᠢᠩᠭᠠᠳᠬᠠᠬᠤ ᠲᠠᠷᠢᠯᠭ᠎ᠠ ᠶᠢ ᠲᠠᠷᠢᠬᠤ ᠪᠤᠢ︖ ᠤᠯᠤᠰ ᠤᠨ ᠳᠣᠲᠣᠭᠠᠳᠤ ᠭᠠᠳᠠᠭᠠᠳᠤ ᠶᠢᠨ ᠰᠤᠳᠤᠯᠭᠠᠨ ᠤ ᠦᠷ᠎ᠡ ᠳ᠋ᠦᠩ ᠠᠴᠠ ᠦᠵᠡᠪᠡᠯ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠪᠥᠬᠦ ᠶᠠᠪᠤᠴᠠ ᠶᠢᠨ ᠲᠠᠷᠢᠯᠭ᠎ᠠ ᠶᠢ ᠪᠡᠶᠡᠯᠡᠭᠦᠯᠬᠦ ᠨᠢ ᠬᠦᠨᠳᠦ ᠡᠪᠡᠳᠴᠢᠨ ᠢ ᠰᠡᠷᠭᠡᠶᠢᠯᠡᠬᠦ᠂ ᠦᠬᠦᠯ ᠤᠨ ᠨᠣᠷᠮ᠎ᠠ ᠶᠢ ᠪᠠᠭᠤᠷᠠᠭᠤᠯᠬᠤ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠲᠠᠢ ᠶᠤᠮ᠃ ᠭᠡᠪᠡᠴᠦ ᠸᠠᠺᠼᠢᠨ ᠤ ᠲᠠᠷᠢᠯᠭ᠎ᠠ ᠬᠢᠭᠡᠳ ᠬᠡᠰᠡᠭ ᠬᠤᠭᠤᠴᠠᠭ᠎ᠠ ᠪᠤᠯᠤᠭᠰᠠᠨ ᠤ ᠳᠠᠷᠠᠭ᠎ᠠ᠂ ᠸᠠᠺᠼᠢᠨ ᠤ ᠬᠡᠰᠡᠭ ᠬᠥᠮᠦᠰ ᠢ ᠬᠠᠮᠠᠭᠠᠯᠠᠬᠤ ᠦᠷ᠎ᠡ ᠪᠦᠲᠦᠮᠵᠢ ᠨᠢ ᠪᠠᠭᠤᠷᠠᠵᠤ ᠮᠡᠳᠡᠨ᠎ᠡ᠂ ᠴᠠᠭ ᠲᠤᠬᠠᠶ ᠳᠤ ᠨᠢ ᠡᠭᠡᠯᠢᠯᠡᠭᠡ ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠲᠠᠷᠢᠬᠤ ᠨᠢ ᠨᠢᠭᠡᠨᠲᠡ ᠠᠯᠬᠤᠮ ᠠᠯᠬᠤᠮ ᠢᠶᠠᠷ ᠪᠠᠭᠠᠰᠤᠭᠰᠠᠨ ᠰᠠᠭᠠᠷᠮᠠᠭᠵᠢᠭᠰᠠᠨ ᠲᠠᠭᠠᠭᠠᠭᠴᠢ ᠶᠢ ᠲᠦᠷᠭᠡᠨ ᠨᠡᠮᠡᠭᠳᠡᠭᠦᠯᠬᠦ ᠪᠤᠶᠤ ᠳᠠᠬᠢᠨ ᠨᠡᠮᠡᠭᠳᠡᠭᠦᠯᠵᠦ᠂ ᠡᠭᠦᠨ ᠤ ᠤᠯᠠᠮ ᠠᠴᠠ ᠨᠠᠩ ᠰᠠᠶᠢᠨ ᠬᠠᠮᠠᠭᠠᠯᠠᠬᠤ ᠦᠷ᠎ᠡ ᠪᠦᠲᠦᠮᠵᠢ ᠲᠠᠢ ᠪᠤᠯᠵᠤ ᠴᠢᠳᠠᠳᠠᠭ ᠃ ᠬᠠᠯᠠᠮᠰᠢᠯ ᠠᠰᠠᠭᠤᠳᠠᠯ ᠬᠤᠶᠠᠷ᠄ ᠤᠳᠤᠬᠠᠨ ᠳᠤ ᠴᠢᠩᠭᠠᠳᠬᠠᠬᠤ ᠲᠠᠷᠢᠯᠭ᠎ᠠ ᠲᠠᠷᠢᠵᠤ ᠪᠣᠯᠬᠤ ᠬᠥᠮᠦᠰ ᠤᠨ ᠨᠠᠰᠤᠨ ᠤ ᠬᠡᠪᠴᠢᠶ᠎ᠡ ᠨᠢ ᠬᠡᠳᠦᠢ ᠪᠣᠶ︖ ᠶᠠᠮᠠᠷ ᠬᠥᠮᠦᠰ ᠲᠠᠷᠢᠯᠭ᠎ᠠ ᠲᠠᠷᠢᠬᠤ ᠴᠢᠬᠤᠯᠠᠲᠠᠶ ᠪᠣᠶ︖ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠦᠨᠳᠦᠰᠦᠯᠡᠨ᠂ ᠳᠡᠭᠡᠷ᠎ᠡ ᠳᠤᠷᠠᠳᠤᠭᠰᠠᠨ ᠸᠠᠺᠼᠢᠨ ᠤ ᠪᠥᠬᠦ ᠶᠠᠪᠤᠴᠠ ᠶᠢᠨ ᠲᠠᠷᠢᠯᠭ᠎ᠠ ᠶᠢ ᠲᠠᠷᠢᠭᠠᠳ ᠪᠦᠬᠦᠯᠢ 6 ᠰᠠᠷ᠎ᠠ ᠪᠤᠯᠤᠭᠰᠠᠨ 18 ᠨᠠᠰᠤ ᠵᠢᠴᠢ ᠳᠡᠭᠦᠨ ᠠᠴᠠ ᠳᠡᠭᠡᠭᠰᠢᠬᠢ ᠨᠠᠰᠤᠨ ᠤ ᠬᠥᠮᠦᠰ ᠲᠤ ᠡᠭᠡᠯᠢᠯᠡᠭᠡ ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠲᠠᠷᠢᠨ᠎ᠠ ᠃ ᠤᠳᠤᠬᠠᠨ ᠳᠤ᠂ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠤ ᠠᠶᠤᠯ ᠲᠦᠭᠰᠢᠭᠦᠷᠢ ᠶᠡᠬᠡᠲᠡᠶ ᠬᠥᠮᠦᠰ ᠪᠠ ᠨᠡᠶᠢᠭᠡᠮ ᠤᠨ ᠦᠨᠳᠦᠰᠦᠨ ᠠᠵᠢᠯᠯᠠᠭᠠᠨ ᠢ ᠪᠠᠲᠤᠯᠠᠬᠤ ᠵᠠᠩᠭᠢᠯᠠᠭ᠎ᠠ ᠶᠢᠨ ᠠᠵᠢᠯ ᠤᠨ ᠪᠠᠶᠢᠷᠢ ᠳᠠᠬᠢ ᠬᠥᠮᠦᠰ ᠵᠢᠴᠢ ᠨᠠᠰᠤᠳᠠᠶᠢᠴᠤᠳ ᠤᠨ ᠳᠤᠮᠳᠠ ᠡᠭᠡᠯᠢᠯᠡᠭᠡ ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠶᠢ ᠤᠷᠢᠳ ᠢᠶᠠᠷ ᠥᠷᠨᠢᠭᠦᠯᠦᠨ᠎ᠡ᠃ ᠨᠥᠬᠦᠴᠡᠯ ᠳᠤ ᠨᠡᠶᠢᠴᠡᠭᠦ ᠪᠥᠭᠡᠳ ᠲᠠᠷᠢᠯᠭ᠎ᠠ ᠬᠢᠬᠦ ᠬᠡᠷᠡᠭᠴᠡᠭᠡ ᠲᠠᠢ ᠪᠤᠰᠤᠳ ᠬᠥᠮᠦᠰ ᠲᠤ ᠪᠠᠰᠠ ᠬᠡᠷᠡᠭᠴᠡᠭᠡ ᠪᠠᠨ ᠦᠨᠳᠦᠰᠦᠯᠡᠨ ᠡᠭᠡᠯᠢᠯᠡᠭᠡ ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠲᠠᠷᠢᠵᠤ ᠪᠣᠯᠤᠨ᠎ᠠ ᠃ ᠬᠠᠯᠠᠮᠰᠢᠯ ᠠᠰᠠᠭᠤᠳᠠᠯ ᠭᠤᠷᠪᠠ᠄ ᠪᠥᠬᠦ ᠶᠠᠪᠤᠴᠠ ᠶᠢᠨ ᠲᠠᠷᠢᠯᠭ᠎ᠠ ᠶᠢ ᠲᠠᠷᠢᠭᠰᠠᠨ ᠤ ᠲᠠᠷᠠᠭ᠎ᠠ ᠬᠡᠳᠦᠢ ᠬᠤᠭᠤᠴᠠᠭ᠎ᠠ ᠦᠩᠭᠡᠷᠡᠪᠡᠯ ᠰᠠᠶ᠋ᠢ ᠴᠢᠩᠭᠠᠳᠬᠠᠬᠤ ᠲᠠᠷᠢᠯᠭ᠎ᠠ ᠲᠠᠷᠢᠵᠤ ᠪᠤᠯᠬᠤ ᠪᠤᠢ︖ ᠣᠳᠣᠬᠢ ᠱᠠᠳᠤᠨ ᠳᠤ᠂ ᠲᠠᠷᠢᠯᠭ᠎ᠠ ᠬᠢᠭᠡᠳ 6 ᠰᠠᠷ᠎ᠠ ᠶᠢᠨ ᠳᠠᠷᠠᠭ᠎ᠠ ᠰᠠᠶ᠋ᠢ ᠡᠭᠡᠯᠢᠯᠡᠭᠡ ᠶᠢᠨ ᠴᠢᠳᠠᠪᠦᠷᠢ  ᠶᠢ ᠴᠢᠩᠭᠠᠳᠬᠠᠬᠤ ᠲᠠᠷᠢᠯᠭ᠎ᠠ ᠲᠠᠷᠢᠵᠦ ᠪᠤᠯᠤᠨ᠎ᠠ ᠃ ᠲᠤᠬᠠᠶᠢᠯᠠᠪᠠᠯ ᠰᠢᠨ᠎ᠡ ᠲᠢᠲᠢᠮᠯᠢᠭ ᠸᠢᠷᠦ᠋ᠰ ᠤᠨ ᠢᠳᠡᠪᠬᠢ ᠦᠭᠡᠶᠢᠳᠡᠭᠦᠯᠬᠦ ᠸᠠᠺᠼᠢᠨ ᠤ ᠬᠤᠶᠠᠳᠤᠭᠠᠷ ᠤᠳᠠᠭᠠᠨ ᠤ ᠲᠠᠷᠢᠯᠭ᠎ᠠ ᠲᠠᠷᠢᠭᠰᠠᠨ ᠤ ᠳᠠᠷᠠᠭ᠎ᠠ ᠶᠡᠷᠦ ᠳᠤ ᠪᠠᠨ 6 ᠰᠠᠷ᠎ᠠ ᠠᠯᠤᠰᠯᠠᠪᠠᠯ ᠰᠠᠶ᠋ᠢ ᠳᠠᠬᠢᠨ ᠡᠭᠡᠯᠢᠯᠡᠭᠡ ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠲᠠᠷᠢᠵᠦ ᠪᠤᠯᠤᠨ᠎ᠠ᠃ ᠪᠤᠯᠴᠢᠷᠬᠠᠶ ᠶᠢᠨ ᠸᠢᠷᠦ᠋ᠰ ᠤᠨ ᠠᠴᠢᠶᠠᠯᠠᠪᠤᠷᠢ ᠶᠢᠨ ᠸᠠᠺᠼᠢᠨ ᠤ ᠲᠠᠷᠢᠯᠭ᠎ᠠ ᠲᠠᠷᠢᠬᠰᠠᠨ 6 ᠰᠠᠷ᠎ᠠ ᠶᠢᠨ ᠳᠠᠷᠠᠭ᠎ᠠ ᠡᠭᠡᠯᠢᠯᠡᠭᠡ ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠲᠠᠷᠢᠵᠦ ᠪᠤᠯᠤᠨ᠎ᠠ ᠃ ᠬᠠᠯᠠᠮᠰᠢᠯ ᠠᠰᠠᠭᠤᠳᠠᠯ ᠳᠥᠷᠪᠡ᠄ ᠣᠳᠣᠬᠢ ᠱᠠᠳᠤᠨ ᠳᠤ᠂ ᠴᠢᠩᠭᠠᠳᠬᠠᠬᠤ ᠲᠠᠷᠢᠯᠭ᠎ᠠ ᠳᠤ ᠬᠡᠷᠡᠭᠯᠡᠵᠦ ᠪᠣᠯᠬᠤ ᠶᠠᠮᠠᠷ ᠸᠠᠺᠼᠢᠨ ᠪᠠᠶᠢᠬᠤ ᠪᠣᠶ︖ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠰᠤᠳᠤᠯᠤᠨ ᠨᠡᠭᠡᠭᠡᠬᠦ ᠠᠬᠢᠴᠠ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠤᠳᠤᠯᠤᠨ ᠨᠤᠲᠠᠯᠠᠭᠰᠠᠨ ᠪᠠᠶᠢᠳᠠᠯ ᠢ ᠦᠨᠳᠦᠰᠦᠯᠡᠪᠡᠯ᠂ ᠤᠳᠤᠬᠠᠨ ᠳᠤ᠂ ᠡᠭᠡᠯᠢᠯᠡᠭᠡ ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠳᠤ ᠬᠡᠷᠡᠭᠯᠡᠵᠦ ᠪᠣᠯᠬᠤ ᠸᠠᠺᠼᠢᠨ ᠳᠤ ᠤᠯᠤᠰ ᠤᠨ ᠡᠮ ᠤᠨ ᠵᠦᠩ ᠱᠧᠩ ᠪᠡᠭᠡᠵᠢᠩ ᠳᠠᠬᠢ ᠺᠣᠮᠫᠠᠨᠢ᠂ ᠪᠡᠭᠡᠵᠢᠩ ᠤᠨ ᠺᠧ ᠰᠢᠩ ᠺᠣᠮᠫᠠᠨᠢ᠂ ᠤᠯᠤᠰ ᠤᠨ ᠡᠮ ᠤᠨ ᠵᠦᠩ ᠱᠧᠩ ᠤᠨ ᠦᠬᠠᠨ  ᠳᠠᠬᠢ ᠺᠤᠮᠫᠠᠨᠢ ᠶᠢᠨ ᠢᠳᠡᠪᠬᠢ ᠦᠬᠡᠶᠢᠳᠡᠭᠦᠯᠬᠦ ᠸᠠᠺᠼᠢᠨ ᠪᠣᠯᠤᠨ ᠲᠢᠶᠠᠨᠵᠢᠨ ᠤ ᠺᠠᠩ ᠰᠢ ᠨᠦᠸᠧ ᠺᠤᠮᠫᠠᠨᠢ ᠶᠢᠨ ᠪᠤᠯᠴᠢᠷᠬᠠᠢ ᠶᠢᠨ ᠸᠢᠷᠦ᠋ᠰ ᠤᠨ ᠠᠴᠢᠶᠠᠯᠠᠪᠤᠷᠢ ᠶᠢᠨ ᠸᠠᠺᠼᠢᠨ ᠵᠡᠷᠭᠡ ᠪᠠᠶᠢᠨ᠎ᠠ᠃ ᠬᠠᠯᠠᠮᠰᠢᠯ ᠠᠰᠠᠭᠤᠳᠠᠯ ᠲᠠᠪᠤ᠄ ᠬᠤᠪᠢ ᠬᠥᠮᠦᠨ ᠶᠠᠮᠠᠷ ᠵᠦᠶ᠋ᠯ ᠤᠨ ᠴᠢᠩᠭᠠᠳᠬᠠᠬᠤ ᠲᠠᠷᠢᠯᠭ᠎ᠠ ᠲᠠᠷᠢᠬᠤ ᠪᠣᠶ︖ ᠣᠳᠣᠬᠢ ᠱᠠᠳᠤᠨ ᠳᠤ᠂ ᠨᠢᠭᠡᠨᠲᠡ ᠳᠠᠷᠢᠭᠤᠯᠤᠭᠰᠠᠨ ᠤᠤᠯ ᠤᠨ ᠸᠠᠺᠼᠢᠨ ᠢ ᠬᠡᠷᠡᠭᠯᠡᠨ ᠡᠭᠡᠯᠢᠯᠡᠭᠡ ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠲᠠᠷᠢᠨ᠎ᠡ᠃ ᠡᠭᠦᠨ ᠳᠤ᠂ ᠠᠳᠠᠯᠢ ᠨᠢᠭᠡ ᠵᠦᠶ᠋ᠯ ᠤᠨ ᠰᠢᠨ᠎ᠡ ᠲᠢᠲᠢᠮᠯᠢᠭ ᠸᠢᠷᠦ᠋ᠰ ᠤᠨ ᠢᠳᠡᠪᠬᠢ ᠦᠭᠡᠶᠢᠳᠡᠭᠦᠯᠬᠦ ᠸᠠᠺᠼᠢᠨ  ᠢ ᠬᠡᠷᠡᠭᠯᠡᠨ ᠬᠤᠶᠠᠷ ᠤᠳᠠᠭ᠎ᠠ ᠲᠠᠷᠢᠯᠭ᠎ᠠ ᠲᠠᠷᠢᠬᠤ ᠶᠢ ᠪᠡᠶᠡᠯᠡᠭᠦᠯᠦᠭᠰᠡᠨ ᠬᠥᠮᠦᠰ ᠲᠤ ᠵᠠᠷᠴᠢᠮ ᠳᠡᠭᠡᠷ᠎ᠡ ᠪᠠᠨ ᠤᠤᠯ  ᠤᠨ ᠢᠳᠡᠪᠬᠢ ᠦᠭᠡᠶᠢᠳᠡᠭᠦᠯᠬᠦ ᠸᠠᠺᠼᠢᠨ ᠢ ᠬᠡᠷᠡᠭᠯᠡᠨ ᠨᠢᠭᠡ ᠤᠳᠠᠭᠠᠨ ᠤ ᠡᠭᠡᠯᠢᠯᠡᠭᠡ ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠲᠠᠷᠢᠨ᠎ᠡ ᠠᠳᠠᠯᠢ ᠪᠤᠰᠤ ᠢᠳᠡᠪᠬᠢ ᠦᠭᠡᠶᠢᠳᠡᠭᠦᠯᠬᠦ ᠸᠠᠺᠼᠢᠨ ᠢ ᠬᠡᠷᠡᠭᠯᠡᠨ ᠬᠤᠶᠠᠷ ᠤᠳᠠᠭ᠎ᠠ ᠲᠠᠷᠢᠯᠭ᠎ᠠ ᠲᠠᠷᠢᠬᠤ ᠶᠢ ᠪᠡᠶᠡᠯᠡᠭᠦᠯᠦᠭᠰᠡᠨ ᠬᠥᠮᠦᠰ ᠲᠤ ᠵᠠᠷᠴᠢᠮ ᠳᠡᠭᠡᠷ᠎ᠡ ᠪᠠᠨ ᠬᠤᠶᠠᠳᠤᠭᠠᠷ ᠤᠳᠠᠭᠠᠨ ᠤ ᠢᠳᠡᠪᠬᠢ ᠦᠭᠡᠶᠢᠳᠡᠭᠦᠯᠬᠦ ᠸᠠᠺᠼᠢᠨ ᠲᠠᠢ ᠠᠳᠠᠯᠢ ᠸᠠᠺᠼᠢᠨ ᠢ ᠬᠡᠷᠡᠭᠯᠡᠨ ᠨᠢᠭᠡ ᠤᠳᠠᠭᠠᠨ ᠤ ᠡᠭᠡᠯᠢᠯᠡᠭᠡ ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠲᠠᠷᠢᠨ᠎ᠡ᠂ ᠬᠡᠷᠪᠡ ᠬᠤᠶᠠᠳᠤᠭᠠᠷ ᠤᠳᠠᠭᠠᠨ ᠤ ᠢᠳᠡᠪᠬᠢ ᠦᠭᠡᠶᠢᠳᠡᠭᠦᠯᠬᠦ ᠸᠠᠺᠼᠢᠨ ᠲᠠᠢ ᠠᠳᠠᠯᠢ ᠸᠠᠺᠼᠢᠨ ᠢ ᠦᠷᠭᠦᠯᠵᠢᠯᠡᠨ ᠬᠠᠩᠭᠠᠵᠤ ᠳᠡᠶᠢᠯᠬᠦ ᠥᠬᠡᠶ ᠵᠡᠷᠭᠡ ᠪᠠᠶᠢᠳᠠᠯ ᠲᠣᠬᠢᠶᠠᠯᠳᠤᠪᠠᠯ᠂ ᠨᠢᠭᠡᠳᠦᠭᠡᠷ ᠤᠳᠠᠭᠠᠨ ᠤ ᠢᠳᠡᠪᠬᠢ ᠦᠭᠡᠶᠢᠳᠡᠭᠦᠯᠬᠦ ᠸᠠᠺᠼᠢᠨ ᠲᠠᠢ ᠠᠳᠠᠯᠢ ᠸᠠᠺᠼᠢᠨ ᠢ ᠬᠡᠷᠡᠭᠯᠡᠨ ᠨᠢᠭᠡ ᠤᠳᠠᠭᠠᠨ ᠤ ᠡᠭᠡᠯᠢᠯᠡᠭᠡ  ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠲᠠᠷᠢᠵᠦ ᠪᠤᠯᠤᠨ᠎ᠠ᠃ ᠪᠤᠯᠴᠢᠷᠬᠠᠶ ᠶᠢᠨ ᠸᠢᠷᠦ᠋ᠰ ᠤᠨ ᠠᠴᠢᠶᠠᠯᠠᠪᠤᠷᠢ  ᠶᠢᠨ ᠸᠠᠺᠼᠢᠨ ᠢ ᠬᠡᠷᠡᠭᠯᠡᠵᠦ ᠲᠠᠷᠢᠯᠭ᠎ᠠ ᠲᠠᠷᠢᠬᠰᠠᠨ ᠬᠥᠮᠦᠰ ᠤᠤᠯ ᠤᠨ ᠸᠠᠺᠼᠢᠨ ᠢ ᠬᠡᠷᠡᠭᠯᠡᠵᠦ ᠡᠭᠡᠯᠢᠯᠡᠭᠡ ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠲᠠᠷᠢᠨ᠎ᠠ ᠃ ᠬᠠᠯᠠᠮᠰᠢᠯ ᠠᠰᠠᠭᠤᠳᠠᠯ ᠵᠢᠷᠭᠤᠭ᠎ᠠ᠄ ᠬᠠᠮᠢᠭ᠎ᠠ ᠤᠴᠢᠵᠤ ᠴᠢᠩᠭᠠᠳᠬᠠᠬᠤ ᠲᠠᠷᠢᠯᠭ᠎ᠠ ᠲᠠᠷᠢᠬᠤ ᠪᠤᠶ︖ ᠶᠠᠮᠠᠷ ᠵᠦᠢᠯ ᠢ ᠠᠩᠬᠠᠷᠪᠠᠯ ᠵᠤᠬᠢᠬᠤ ᠪᠤᠢ︖ ᠵᠠᠷᠴᠢᠮ ᠳᠡᠭᠡᠷ᠎ᠡ ᠪᠠᠨ ᠬᠠᠯᠳᠠᠪᠤᠷᠢᠯᠠᠭᠳᠠᠬᠤ ᠠᠶᠤᠯ ᠲᠦᠭᠰᠢᠭᠦᠷᠢ ᠶᠡᠬᠡᠲᠡᠶ ᠬᠥᠮᠦᠰ ᠪᠠ ᠨᠡᠶᠢᠭᠡᠮ ᠤᠨ ᠦᠨᠳᠦᠰᠦᠨ ᠠᠵᠢᠯᠯᠠᠭᠠᠨ ᠢ ᠪᠠᠲᠤᠯᠠᠬᠤ ᠵᠠᠩᠭᠢᠯᠠᠭ᠎ᠠ ᠶᠢᠨ ᠠᠵᠢᠯ ᠤᠨ ᠪᠠᠶᠢᠷᠢ ᠳᠠᠬᠢ ᠬᠥᠮᠦᠰ ᠤᠨ ᠡᠭᠡᠯᠢᠯᠡᠭᠡ ᠶᠢᠨ ᠴᠢᠳᠠᠪᠦᠷᠢ ᠶᠢ ᠴᠢᠩᠭᠠᠳᠬᠠᠬᠤ ᠲᠠᠷᠢᠯᠭ᠎ᠠ ᠲᠠᠷᠢᠬᠤ ᠠᠵᠢᠯ ᠢ ᠡᠯ᠎ᠡ ᠬᠠᠮᠢᠶ᠎ᠠ ᠪᠦᠬᠦᠢ ᠨᠢᠭᠡᠴᠢ ᠠᠴᠠ ᠨᠢᠭᠡᠳᠦᠯᠲᠡᠶ ᠵᠣᠬᠢᠶᠠᠨ ᠪᠠᠶᠢᠭᠤᠯᠵᠦ ᠬᠡᠷᠡᠭᠵᠢᠭᠦᠯᠦᠨ᠎ᠡ᠂ ᠪᠤᠰᠤᠳ ᠬᠥᠮᠦᠰ ᠬᠠᠷᠢᠶ᠎ᠠ ᠤᠷᠤᠨ ᠤ ᠪᠠᠨ ᠲᠣᠭᠲᠠᠭᠰᠠᠨ ᠲᠠᠷᠢᠯᠭ᠎ᠠ ᠲᠠᠷᠢᠬᠤ ᠨᠢᠭᠡᠴᠢ ᠳᠤ ᠬᠦᠷᠴᠦ ᠪᠣᠯᠵᠣᠨ ᠲᠠᠷᠢᠯᠭ᠎ᠠ ᠲᠠᠷᠢᠵᠦ ᠪᠣᠯᠤᠨ᠎ᠠ᠃ ᠡᠯ᠎ᠡ ᠭᠠᠵᠠᠷ ᠤᠨ ᠪᠣᠳᠠᠲᠠᠶ ᠲᠠᠷᠢᠯᠭ᠎ᠠ ᠲᠠᠷᠢᠬᠤ ᠮᠡᠳᠡᠭᠡ ᠵᠠᠩᠭᠢ ᠶᠢ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠪᠤᠶᠤ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠥᠪ ᠤᠨ ᠨᠡᠶᠢᠳᠡᠯᠡᠭᠰᠡᠨ ᠠᠯᠪᠠᠨ ᠤ ᠮᠡᠳᠡᠭᠡ ᠠᠴᠠ ᠦᠵᠡᠭᠡᠷᠡᠢ᠃ ᠲᠠᠷᠢᠯᠭ᠎ᠠ ᠲᠠᠷᠢᠬᠤ ᠠᠴᠠ ᠡᠮᠦᠨ᠎ᠡ᠂ ᠡᠮᠦᠨᠡᠬᠢ ᠬᠤᠭᠤᠴᠠᠭᠠᠨ ᠤ ᠲᠠᠷᠢᠯᠭ᠎ᠠ ᠲᠠᠷᠢᠬᠰᠡᠨ ᠭᠡᠷᠡᠴᠢ ᠪᠠᠷᠢᠮᠲᠠ ᠪᠠᠨ ᠦᠨᠳᠦᠰᠦᠯᠡᠨ᠂ ᠦᠪᠡᠷ ᠤᠨ ᠢᠶᠠᠨ ᠪᠥᠬᠦ ᠶᠠᠪᠤᠴᠠ ᠳᠤ ᠲᠠᠷᠢᠯᠭ᠎ᠠ ᠲᠠᠷᠢᠬᠰᠡᠨ ᠡᠰᠡᠬᠦ᠂ ᠪᠥᠬᠦ ᠶᠠᠪᠤᠴᠠ ᠳᠤ ᠲᠠᠷᠢᠯᠭ᠎ᠠ ᠲᠠᠷᠢᠭᠠᠳ 6 ᠰᠠᠷ᠎ᠠ ᠠᠴᠠ ᠳᠡᠭᠡᠭᠰᠢ ᠪᠤᠯᠤᠭᠰᠠᠨ ᠡᠰᠡᠬᠦ ᠪᠠᠨ ᠲᠤᠳᠤᠳᠬᠠᠬᠤ ᠬᠡᠷᠡᠭᠲᠡᠶ᠃ ᠲᠠᠷᠢᠯᠭ᠎ᠠ ᠲᠠᠷᠢᠬᠤ ᠳᠤ ᠪᠠᠨ ᠪᠡᠶ᠎ᠡ ᠶᠢᠨ ᠦᠨᠡᠮᠯᠡᠯ᠂ ᠲᠠᠷᠢᠯᠭ᠎ᠠ ᠲᠠᠷᠢᠬᠰᠡᠨ ᠭᠡᠷᠡᠴᠢ ᠪᠠᠷᠢᠮᠲᠠ ᠵᠡᠷᠭᠡ ᠪᠠᠨ ᠠᠪᠴᠤ ᠶᠠᠪᠤᠬᠤ ᠬᠡᠷᠡᠭᠲᠡᠶ ᠪᠥᠭᠡᠳ ᠲᠣᠰ ᠭᠠᠵᠠᠷ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠳᠦᠰᠦᠯᠡᠨ᠂ ᠬᠤᠪᠢ ᠬᠦᠮᠦᠨ ᠤ ᠰᠡᠷᠭᠡᠶᠢᠯᠡᠯᠳᠡ ᠬᠠᠮᠠᠭᠠᠯᠠᠯᠲᠠ ᠶᠢ ᠰᠠᠶᠢᠳᠤᠷ ᠬᠢᠵᠦ᠂ ᠲᠤᠬᠠᠶ ᠶᠢᠨ ᠲᠠᠯᠠᠪᠠᠶ ᠶᠢᠨ ᠲᠠᠷᠢᠯᠭ᠎ᠠ ᠲᠠᠷᠢᠬᠤ ᠠᠵᠢᠯᠲᠠᠳ ᠤᠨ ᠠᠰᠠᠭᠤᠨ ᠯᠠᠪᠯᠠᠯᠲᠠ ᠳᠤ ᠬᠠᠮᠵᠢᠯᠴᠠᠬᠤ ᠬᠡᠷᠡᠭᠲᠡᠶ᠃ ᠦᠩᠭᠡᠷᠡᠭᠰᠡᠨ ᠳᠤ᠂ ᠶᠠᠮᠠᠷ ᠡᠪᠡᠳᠴᠢᠨ ᠡᠮᠭᠡᠭ ᠲᠤ ᠨᠡᠷᠪᠡᠭᠳᠡᠭᠰᠡᠨ ᠵᠢᠴᠢ ᠦᠢᠷ᠎ᠡ ᠶᠢᠨ ᠬᠤᠭᠤᠴᠠᠭᠠᠨ ᠳᠤ ᠡᠮ ᠲᠠᠩ ᠬᠡᠷᠡᠭᠯᠡᠭᠰᠡᠨ ᠡᠰᠡᠬᠦ ᠪᠠᠨ ᠡᠮᠴᠢ ᠳᠤ ᠲᠤᠳᠤᠷᠬᠠᠶᠢᠯᠠᠵᠦ ᠥᠭᠬᠦ ᠬᠡᠷᠡᠭᠲᠡᠶ᠃ 
 
ᠢᠷᠡᠯᠲᠡ᠄ ᠰᠢᠨᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号