ᠰᠤᠷᠪᠤᠯᠵᠢᠯᠠᠭᠴᠢ ᠳᠣᠲᠣᠭᠠᠳᠤ ᠶᠢ ᠬᠠᠮᠠᠭᠠᠯᠠᠬᠤ ᠶᠠᠮᠤᠨ ᠠᠴᠠ ᠣᠶᠢᠯᠠᠭᠠᠭᠰᠠᠨ ᠢᠶᠠᠷ᠂ | ᠵᠢᠯᠣᠭᠤᠴᠢ ᠶᠢᠨ ᠡᠯᠧᠺᠳ᠋ᠷᠣᠨ ᠦᠨᠡᠮᠯᠡᠯ ᠢ ᠪᠥᠬᠦ ᠤᠯᠤᠰ ᠲᠤ ᠬᠡᠷᠡᠭᠵᠢᠭᠦᠯᠵᠦ᠂ ᠰᠦᠯᠵᠢᠶᠡᠨ ᠳᠡᠭᠡᠷ᠎ᠡ ︽ᠦᠨᠡᠮᠯᠡᠯ | ᠭᠠᠷᠭᠠᠬᠤ︾ ᠦᠢᠯᠡᠴᠢᠯᠡᠭᠡ ᠬᠠᠩᠭᠠᠬᠤ ᠪᠣᠯᠤᠨ᠎ᠠ᠃ ᠵᠢᠯᠣᠭᠤᠴᠢ ᠶᠢᠨ ᠡᠯᠧᠺᠳ᠋ᠷᠣᠨ ᠦᠨᠡᠮᠯᠡᠯ ᠢ ᠨᠢᠭᠡᠨᠲᠡ ᠪᠡᠭᠡᠵᠢᠩ᠂ | ᠱᠠᠩᠬᠠᠶ᠂ ᠭᠤᠸᠠᠩᠵᠧᠦ᠂ ᠰᠢ ᠠᠨ ᠵᠡᠷᠭᠡ 200 ᠬᠤᠲᠠ ᠳᠤ ᠨᠡᠶᠢᠳᠡᠮ ᠬᠡᠷᠡᠭᠵᠢᠭᠦᠯᠵᠦ᠂ 5000 ᠭᠠᠷᠤᠶ | ᠲᠦᠮᠡᠨ ᠵᠢᠯᠣᠭᠤᠴᠢ ᠡᠯᠧᠺᠳ᠋ᠷᠣᠨ ᠬᠡᠪᠯᠡᠯ ᠤᠨ ᠵᠢᠯᠣᠭᠤᠴᠢ ᠶᠢᠨ ᠦᠨᠡᠮᠯᠡᠯ ᠣᠯᠵᠠᠶ᠃ ᠡᠮᠦᠨᠡᠬᠢ ᠬᠤᠭᠤᠴᠠᠭᠠᠨ ᠤ | ᠲᠤᠷᠰᠢᠯᠲᠠ ᠪᠠ ᠪᠦᠯᠦᠭ ᠬᠤᠪᠢᠶᠠᠨ ᠳᠡᠯᠭᠡᠷᠡᠭᠦᠯᠦᠨ ᠬᠡᠷᠡᠭᠯᠡᠭᠰᠡᠨ ᠰᠠᠭᠤᠷᠢᠨ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ | ᠶᠠᠮᠤᠨ ᠪᠥᠬᠦ ᠤᠯᠤᠰ ᠲᠤ ᠵᠢᠯᠣᠭᠤᠴᠢ ᠶᠢᠨ ᠡᠯᠧᠺᠳ᠋ᠷᠣᠨ ᠦᠨᠡᠮᠯᠡᠯ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ | ᠲᠤᠬᠠᠶ ᠪᠠᠶᠢᠷᠢᠯᠠᠭᠤᠯᠤᠯᠲᠠ ᠬᠢᠪᠠ᠃ ᠵᠢᠯᠣᠭᠤᠴᠢ ᠶᠢᠨ ᠡᠯᠧᠺᠳ᠋ᠷᠣᠨ ᠦᠨᠡᠮᠯᠡᠯ ᠢ ᠪᠥᠬᠦ ᠤᠯᠤᠰ ᠤᠨ ᠨᠢᠭᠡᠳᠦᠯᠲᠡᠶ ︽ | ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ App ᠪᠠᠷ ᠳᠠᠮᠵᠢᠭᠤᠯᠤᠨ ᠣᠯᠭᠤᠵᠤ᠂ ᠵᠢᠯᠣᠭᠤᠴᠢ ᠶᠢᠨ | ᠴᠠᠭᠠᠰᠤᠨ ᠦᠨᠡᠮᠯᠡᠯ ᠲᠠᠢ ᠠᠳᠠᠯᠢᠬᠠᠨ᠂ ᠪᠥᠬᠦ ᠤᠯᠤᠰ ᠤᠨ ᠬᠡᠪᠴᠢᠶᠡᠨ ᠳᠤ ᠬᠦᠴᠦᠨ ᠲᠠᠢ︔ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ | ᠬᠦᠯᠢᠶᠡᠬᠦ ᠳᠡᠭᠡᠨ ᠭᠠᠷᠭᠠᠨ ᠦᠵᠡᠭᠦᠯᠵᠦ ᠬᠡᠷᠡᠭᠯᠡᠵᠦ ᠪᠣᠯᠬᠤ ᠪᠥᠭᠡᠳ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ᠂ | ᠮᠠᠰᠢᠨ ᠲᠡᠷᠭᠡ ᠲᠦᠷᠢᠶᠡᠰᠦᠯᠡᠬᠦ᠂ ᠳᠠᠭᠠᠳᠬᠠᠯ ᠬᠤᠳᠠᠯᠳᠤᠨ ᠠᠪᠬᠤ ᠵᠡᠷᠭᠡ ᠨᠡᠶᠢᠭᠡᠮ ᠤᠨ ᠬᠡᠷᠡᠭᠯᠡᠭᠡᠨ ᠤ ᠠᠬᠤᠶ | ᠪᠠᠶᠢᠳᠠᠯ ᠳᠤ ᠴᠤ ᠥᠷᠭᠡᠳᠬᠡᠨ ᠬᠡᠷᠡᠭᠯᠡᠵᠦ ᠪᠣᠯᠤᠨ᠎ᠠ᠃ ᠡᠭᠦᠨ ᠠᠴᠠ ᠭᠠᠳᠠᠨ᠎ᠠ᠂ ᠨᠢᠭᠡᠳᠦᠯᠲᠡᠶ ᠪᠠᠶᠢᠷᠢᠯᠠᠭᠤᠯᠤᠯᠲᠠ | ᠶᠣᠰᠣᠭᠠᠷ᠂ ᠭᠠᠷ ᠳᠠᠮᠵᠢᠭᠰᠠᠨ ᠮᠠᠰᠢᠨ ᠲᠡᠷᠭᠡ ᠶᠢ ᠤᠨᠳᠤᠤ ᠭᠠᠵᠠᠷ ᠲᠤ ᠠᠷᠠᠯᠵᠢᠶᠠᠯᠠᠬᠤ ᠪᠠᠷ ᠳᠡᠩᠰᠡᠯᠡᠨ ᠲᠡᠮᠳᠡᠭᠯᠡᠬᠦ᠂ | ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ App ᠠᠴᠠ ᠪᠠᠷᠠᠭ᠎ᠠ ᠶᠠᠪᠤᠭᠤᠯᠬᠤ ᠲᠡᠷᠭᠡ ᠶᠢᠨ | ᠡᠯᠧᠺᠳ᠋ᠷᠣᠨ ᠨᠡᠪᠲᠡᠷᠡᠬᠦ ᠺᠣᠳ᠋ ᠢ ᠬᠠᠷᠭᠤᠭᠤᠯᠤᠨ ᠲᠠᠷᠬᠠᠭᠠᠬᠤ᠂ ᠵᠠᠮ ᠬᠠᠷᠢᠯᠴᠠᠭᠠᠨ ᠤ ᠠᠳᠡᠯ ᠤᠨ ᠭᠡᠷᠡᠴᠢ | ᠮᠠᠲ᠋ᠧᠷᠢᠶᠠᠯ ᠢ ᠰᠦᠯᠵᠢᠶᠡᠨ ᠳᠡᠭᠡᠷ᠎ᠡ ᠪᠠᠶᠢᠴᠠᠭᠠᠨ ᠦᠵᠡᠬᠦ ᠵᠡᠷᠭᠡ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠴᠦ ᠪᠥᠬᠦ ᠤᠯᠤᠰ ᠲᠤ ᠵᠡᠷᠭᠡ ᠪᠠᠷ ᠬᠡᠷᠡᠭᠵᠢᠭᠦᠯᠵᠦ᠂ | ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠪᠠ ᠶᠠᠪᠤᠵᠤ ᠰᠠᠭᠤᠬᠤ ᠳᠤ ᠨᠠᠩ ᠰᠠᠶᠢᠨ ᠲᠥᠬᠦᠮ ᠦᠵᠡᠭᠦᠯᠵᠦ᠂ | ᠠᠵᠤ ᠠᠬᠤᠶᠢᠯᠠᠯ ᠤᠨ ᠠᠵᠢᠯ ᠲᠥᠷᠥᠯ ᠤᠨ ᠬᠥᠭᠵᠢᠯᠲᠡ ᠳᠤ ᠨᠠᠩ ᠰᠠᠶᠢᠨ ᠦᠢᠯᠡᠴᠢᠯᠡᠨ᠎ᠡ᠃ | | |