ᠬᠤᠩᠭᠤᠷ ᠰᠤᠮᠤ ᠨᠢ ᠪᠠᠶᠠᠠ᠋ᠭᠤᠯᠠ ᠰᠤᠮᠤ ᠪᠠ ᠳᠠᠯᠠᠢ ᠰᠤᠮᠤᠨ‌‍ᠳᠤ ᠬᠦᠷᠴᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠲᠣᠭᠤᠷᠢᠨ ᠰᠤᠷᠤᠯᠴᠠᠪᠠ
ᠨᠡᠶᠢᠲᠡᠯᠡᠭᠰᠡᠨ ᠴᠠᠭ᠄
2021/12/14
     ᠬᠤᠩᠭᠤᠷ ᠰᠤᠮᠤᠨ ᠤ ᠨᠠᠮ ᠤᠨ ᠬᠤᠷᠢᠶ᠎ᠠ ᠨᠢ ᠡᠯ᠎ᠡ ᠭᠠᠴᠠᠭᠠᠨ ᠤ ᠨᠠᠮ ᠤᠨ ᠡᠭᠦᠷ ᠤᠨ ᠭᠡᠰᠢᠭᠦᠨ᠂ ᠨᠢᠭᠡᠳᠦᠭᠡᠷ ᠱᠦᠵᠢ᠂ ᠨᠠᠮ ᠤᠨ ᠭᠡᠰᠢᠭᠦᠨ ᠤ ᠭᠤᠤᠯᠯᠠᠬᠤ ᠡᠷᠦᠬᠡ᠂ ᠨᠠᠮ ᠤᠨ ᠪᠠᠶᠢᠭᠤᠯᠤᠯᠲᠠ ᠶᠢᠨ ᠵᠢᠭᠠᠨ ᠵᠢᠯᠣᠭᠤᠳᠣᠭᠴᠢ ᠵᠢᠴᠢ ᠰᠤᠮᠤᠨ ᠤ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠭᠦ ᠲᠥᠪ ᠤᠨ ᠠᠵᠢᠯᠲᠠᠨ  ᠢ ᠵᠣᠬᠢᠶᠠᠨ ᠪᠠᠶᠢᠭᠤᠯᠤᠨ᠂ ᠪᠠᠶᠠᠠ᠋ᠭᠤᠯᠠ ᠰᠤᠮᠤ ᠪᠠ ᠲᠡᠯᠡᠶ ᠰᠤᠮᠤᠨ ᠳᠤ ᠬᠦᠷᠴᠦ᠂ ᠦᠨᠳᠦᠰᠦᠨ ᠱᠠᠲᠤᠨ ᠤ ᠨᠠᠮ  ᠤᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯᠯᠠᠭᠠᠨ ᠤ ᠪᠠᠶᠢᠳᠠᠯ ᠢ ᠲᠣᠭᠤᠷᠢᠨ ᠦᠵᠡᠪᠡ᠃ᠤᠷᠢᠳ ᠬᠤᠵᠢᠳ ᠪᠠᠶᠠᠠ᠋ᠭᠤᠯᠠ ᠰᠤᠮᠤ᠂ ᠰᠠᠶᠢᠬᠠᠨᠲᠠᠯ᠎ᠠ ᠭᠠᠴᠠᠭ᠎ᠠ᠂ ᠬᠥᠭᠵᠢᠯᠲᠦ ᠭᠠᠴᠠᠭ᠎ᠠ ᠵᠢᠴᠢ ᠨᠠᠮ ᠤᠨ ᠭᠡᠰᠢᠭᠦᠨ ᠤ ᠭᠤᠤᠯᠯᠠᠬᠤ ᠡᠷᠦᠬᠡ ᠭᠠᠩᠵᠣᠷᠢᠭ ᠤᠨ ᠬᠡᠷ ᠲᠤ ᠬᠦᠷᠴᠦ᠂ ᠲᠣᠭᠤᠷᠢᠨ ᠦᠵᠡᠬᠦ᠂ ᠲᠤᠬᠠᠶ ᠶᠢᠨ ᠲᠠᠯᠠᠪᠠᠶ ᠳᠤ ᠲᠠᠶᠢᠯᠤᠮᠵᠢ ᠬᠢᠬᠦ ᠵᠡᠷᠭᠡ ᠠᠷᠭ᠎ᠠ ᠪᠠᠷ ᠲᠠᠮᠵᠢᠨ ᠲᠤᠬᠠᠶ ᠶᠢᠨ ᠭᠠᠵᠠᠷ ᠤᠨ ᠦᠨᠳᠦᠰᠦᠨ ᠱᠠᠲᠤᠨ ᠤ ᠨᠠᠮ  ᠤᠨ ᠪᠠᠶᠢᠭᠤᠯᠤᠯᠲᠠ ᠶᠢᠨ ᠬᠠᠮᠢᠶ᠎ᠠ ᠪᠦᠭᠦᠢ ᠠᠵᠢᠯᠯᠠᠭᠠᠨ ᠤ ᠪᠠᠶᠢᠳᠠᠯ ᠢ ᠲᠣᠭᠤᠷᠢᠨ ᠰᠤᠷᠤᠯᠴᠠᠪᠠ᠃ᠲᠤᠭᠤᠷᠢᠨ ᠰᠤᠷᠤᠯᠴᠠᠬᠤ ᠳ᠋ᠦᠩᠨᠡᠯᠲᠡ ᠶᠢᠨ ᠬᠤᠷᠠᠯ ᠳᠡᠭᠡᠷ᠎ᠡ᠂ ᠰᠤᠮᠤᠨ ᠤ ᠨᠠᠮ ᠤᠨ ᠬᠤᠷᠢᠶᠠᠨ ᠤ ᠱᠦᠵᠢ ᠨᠠᠰᠤᠨᠪᠠᠲᠤ ᠠᠴᠠ᠂ ᠨᠠᠮ ᠤᠨ ᠪᠠᠶᠢᠭᠤᠯᠤᠯᠲᠠ ᠶᠢᠨ ᠠᠵᠢᠯ ᠪᠣᠯ ᠪᠦᠭᠦᠶᠢᠯᠡ ᠠᠵᠢᠯ ᠤᠨ ᠭᠤᠣᠯᠳᠠᠯᠭ᠎ᠠ ᠮᠥᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠠᠮᠢᠵᠢᠷᠠᠯ ᠤᠨ ᠬᠦᠴᠦᠨ ᠢ ᠡᠭᠦᠷᠢᠳᠡ ᠪᠠᠲᠤᠯᠠᠬᠤ ᠴᠢᠬᠤᠯᠠ ᠰᠡᠳᠦᠪ ᠮᠥᠨ᠃ ᠪᠢᠳ᠋ᠨ ᠵᠠᠪᠠᠯ ᠪᠤᠰᠤᠳ ᠤᠨ ᠲᠡᠷᠢᠭᠦᠨ ᠤ ᠦᠯᠢᠭᠡᠷ ᠳᠠᠭᠤᠷᠢᠶᠠᠯ ᠪᠠ ᠲᠤᠷᠰᠢᠯᠭ᠎ᠠ ᠶᠢ ᠬᠢᠨᠠᠮᠠᠭᠠᠢ ᠰᠤᠷᠤᠯᠴᠠᠨ ᠯᠠᠪᠯᠠᠯᠲᠠ ᠪᠣᠯᠭᠠᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠥᠪᠡᠷ ᠤᠨ ᠬᠦᠷᠦᠯᠴᠡᠬᠦ ᠦᠭᠡᠢ ᠲᠠᠯ᠎ᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠩ ᠰᠠᠶᠢᠨ ᠬᠢᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠤᠩᠭᠤᠷ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号