ᠱᠢᠷᠤᠴᠠᠩᠲᠤ ᠭᠠᠴᠠᠭ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ100 ᠵᠢᠯ ᠤᠨ ᠣᠶ ᠶᠢ ᠪᠡᠯᠭᠡᠯᠡᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/12/14
      ᠨᠠᠮ ᠤᠨ ᠵᠠᠭᠤᠨ ᠵᠢᠯ ᠤᠨ ᠣᠶ ᠶᠢ ᠪᠠᠶᠠᠷᠯᠠᠨ ᠤᠭᠲᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠥᠷᠭᠡᠨ ᠣᠯᠠᠨ ᠮᠠᠯᠴᠢᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 2021 ᠣᠨ ᠤ 6 ᠰᠠᠷ᠎ᠠ ᠶᠢᠨ 30 ᠤ ᠡᠳᠦᠷ᠂ ᠬᠤᠩᠭᠤᠷ ᠰᠤᠮᠤᠨ ᠤ ᠱᠢᠷᠤᠴᠠᠩᠲᠤ ᠭᠠᠴᠠᠭ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ  ᠤᠨ ᠣᠶ ᠶᠢ ᠪᠡᠯᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠪᠠ ᠬᠠᠪᠰᠤᠷᠤᠨ ᠲᠡᠳᠬᠦᠬᠦ ᠨᠢᠭᠡᠴᠢ ᠶᠢᠨ ᠤᠳᠤᠷᠢᠳᠤᠯᠭ᠎ᠠ᠂ ᠭᠠᠴᠠᠭᠠᠨ ᠤ ᠨᠢᠭᠡᠳᠦᠭᠡᠷ ᠱᠦᠵᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠠᠩᠭᠢ ᠶᠢᠨ ᠨᠥᠬᠦᠳ ᠵᠢᠴᠢ ᠭᠠᠴᠠᠭᠠᠨ ᠤ ︽ᠬᠤᠶᠠᠷ ᠵᠥᠪᠯᠡᠯ︾ ᠤᠨ ᠪᠦᠷᠢᠯᠳᠦᠬᠦᠨ᠂ ᠭᠠᠴᠠᠭᠠᠨ ᠤ ᠨᠠᠮ ᠤᠨ ᠭᠡᠰᠢᠭᠦᠨ᠂ ᠮᠠᠯᠴᠢᠨ ᠲᠦᠮᠡᠨ ᠬᠦᠳᠡᠯᠭᠡᠭᠡᠨ‌‍ᠳᠤ ᠣᠷᠣᠯᠴᠠᠪᠠ᠃      ᠬᠦᠳᠡᠯᠭᠡᠭᠡᠨ ᠳᠤᠮᠳᠠ᠂ ᠭᠠᠴᠠᠭᠠᠨ ᠤ ᠬᠠᠪᠰᠤᠷᠤᠨ ᠲᠡᠳᠬᠦᠬᠦ ᠪᠠᠶᠢᠭᠤᠯᠭ᠎ᠠ ᠬᠤᠰᠢᠭᠤᠨ ᠤ ᠠᠵᠢᠯ ᠣᠯᠭᠤᠯᠲᠠ ᠶᠢᠨ ᠲᠣᠪᠴᠢᠶ᠎ᠠ ᠠᠴᠠ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠬᠤ ᠶᠢᠨ ᠬᠠᠮᠲᠤ ᠱᠢᠷᠤᠴᠠᠩᠲᠤ ᠭᠠᠴᠠᠭᠠᠨ ᠤ 7 ᠠᠬᠠᠮᠠᠳ ᠨᠠᠮ ᠤᠨ ᠭᠡᠰᠢᠭᠦᠨ᠂ 1 ᠰᠢᠯᠢᠳᠡᠭ ᠭᠠᠴᠠᠭᠠᠨ ᠤ ︽ᠨᠢᠭᠡᠳᠦᠭᠡᠷ ᠱᠦᠵᠢ︾᠂ 2 ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯᠯᠠᠬᠤ ᠠᠩᠭᠢ ᠶᠢᠨ ᠨᠥᠬᠦᠳ ᠢ ᠬᠥᠬᠢᠭᠦᠯᠦᠨ ᠰᠠᠶᠢᠰᠢᠶᠠᠪᠠ᠃ ᠠᠬᠠᠮᠠᠳ ᠨᠠᠮ ᠤᠨ ᠭᠡᠰᠢᠭᠦᠨ ᠤ ᠥᠩᠭᠡᠷᠡᠭᠰᠡᠨ ᠤ ᠠᠮᠵᠢᠯᠲᠠ ᠪᠦᠲᠦᠮᠵᠢ ᠶᠢ ᠨᠤᠲᠠᠯᠠᠭᠰᠠᠨ ᠪᠥᠭᠡᠳ ᠵᠠᠯᠠᠭᠤᠴᠤᠳ ᠲᠤ ᠵᠣᠷᠢᠭᠵᠢᠭᠤᠯᠤᠯ ᠥᠭᠴᠦ᠂ ᠲᠡᠳᠡᠨ ᠢ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ᠂ ᠴᠤᠭ ᠵᠢᠪᠬᠤᠭ᠎ᠠ ᠪᠠᠨ ᠢᠯᠡᠷᠡᠭᠦᠯᠬᠦ ᠶᠢ ᠵᠣᠷᠢᠭᠵᠢᠭᠤᠯᠪᠠ᠃      ᠭᠠᠴᠠᠭᠠᠨ ᠤ ᠨᠠᠮ ᠤᠨ ᠡᠭᠦᠷ ᠤᠨ ᠱᠦᠵᠢ ᠪᠤᠳᠢᠭᠡᠷᠡᠯ ᠨᠠᠮ ᠤᠨ ᠭᠡᠰᠢᠭᠦᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠢ ᠳᠠᠬᠢᠨ ᠡᠷᠭᠢᠴᠡᠭᠦᠯᠵᠦ᠂ ᠨᠠᠮ ᠤᠨ ᠭᠡᠰᠢᠭᠦᠳ ᠲᠤ ᠤᠯᠤᠰ ᠲᠥᠷᠥ ᠶᠢᠨ ᠲᠥᠷᠥᠭᠰᠡᠨ ᠡᠳᠦᠷ  ᠤᠨ ᠪᠠᠶᠠᠷ ᠤᠨ ᠺᠠᠷᠲ ᠬᠦᠷᠭᠡᠵᠦ᠂ ᠡᠭᠦᠨ ᠢᠶᠠᠷ ᠨᠠᠮ ᠤᠨ ᠭᠡᠰᠢᠭᠦᠳ ᠤᠨ ᠨᠠᠮ ᠤᠨ ᠭᠡᠰᠢᠭᠦᠨ ᠤ ᠪᠡᠶ᠎ᠡ ᠶᠢᠨ ᠭᠠᠷᠤᠯ  ᠤᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠨᠠᠮ ᠳᠤ ᠣᠷᠣᠬᠤ ᠲᠠᠩᠭᠠᠷᠢᠭ ᠢᠶᠠᠨ ᠪᠠᠲᠤ ᠴᠡᠭᠡᠵᠢᠯᠡᠵᠦ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ ᠶᠢ ᠵᠣᠷᠢᠭᠵᠢᠭᠤᠯᠪᠠ᠃      ᠬᠤᠷᠠᠯ ᠤᠨ ᠳᠠᠷᠠᠭ᠎ᠠ᠂ ᠬᠥᠵᠥᠷ ᠵᠡᠷᠭᠡ ᠡᠯ᠎ᠡ ᠲᠦᠷᠦᠯ  ᠤᠨ ᠤᠷᠤᠯᠳᠤᠭᠠᠨ ᠲᠤᠭᠯᠠᠭᠠᠮ ᠶᠠᠪᠤᠭᠲᠠᠬᠤ ᠶᠢᠨ ᠬᠠᠮᠲᠤ ᠤᠷᠠᠨ ᠰᠠᠶᠢᠬᠠᠨ ᠤ ᠲᠣᠭᠯᠠᠯᠲᠠ ᠦᠷᠨᠢᠭᠦᠯᠪᠡ᠃
 
ᠢᠷᠡᠯᠲᠡ᠄ ᠬᠤᠩᠭᠤᠷ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号