ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ
ᠨᠡᠶᠢᠲᠡᠯᠡᠭᠰᠡᠨ ᠴᠠᠭ᠄
2021/12/14
      ᠰᠢ ᠶᠢᠨ ᠫᠢᠩ  ᠯᠢ ᠺᠧ ᠴᠢᠶᠠᠩ ᠴᠢᠬᠤᠯᠠ ᠶᠠᠷᠢᠶ᠎ᠠ ᠲᠠᠯᠪᠢᠵᠤ  ᠯᠢ ᠵᠠᠨ ᠱᠸ  ᠸᠠᠩ ᠶᠠᠩ  ᠸᠠᠩ ᠬᠤ᠋ ᠨᠢᠩ  ᠵᠤᠤ ᠯᠧ ᠵᠶᠢ  ᠬᠠᠨ ᠵᠧᠩ ᠬᠤᠷᠠᠯ ᠳᠤ ᠣᠷᠣᠯᠴᠠᠵᠠᠢ      12 ᠰᠠᠷ᠎ᠠ ᠶᠢᠨ 8 ᠠᠴᠠ 10 ᠤ ᠡᠳᠦᠷ ᠪᠣᠯᠲᠠᠯ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠸᠠᠩ ᠶᠧ ᠰᠡᠬᠦᠳᠡᠷᠯᠡᠪᠡ      ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 10 ᠤ ᠴᠠᠬᠢᠯᠭᠠᠨ ᠮᠡᠳᠡᠭᠡ  ᠲᠥᠪ ᠤᠨ ᠠᠵᠤ ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 8 ᠠᠴᠠ 10 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ ᠵᠠᠨ ᠱᠸ᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ ᠬᠤᠷᠠᠯ ᠳᠤ ᠣᠷᠣᠯᠴᠠᠵᠠᠢ᠃      ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ 2021 ᠣᠨ ᠤ ᠠᠵᠤ ᠠᠬᠤᠢ ᠶᠢᠨ ᠠᠵᠢᠯ ᠢ ᠳ᠋ᠦᠩᠨᠡᠵᠦ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠵᠤ᠂ 2022 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃ ᠯᠢ ᠺᠧ ᠴᠢᠶᠠᠩ ᠶᠠᠷᠢᠶᠠᠨ ᠳᠠᠭᠠᠨ ᠢᠷᠡᠬᠦ ᠵᠢᠯ ᠤᠨ ᠠᠵᠤ ᠠᠬᠤᠢ ᠶᠢᠨ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃      ᠬᠤᠷᠠᠯ ᠠᠴᠠ᠂ ᠡᠨᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠮᠥᠨ᠃ ᠪᠢᠳᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠬᠰᠢᠯᠠᠬᠤ ᠰᠢᠨ᠎ᠡ ᠠᠶᠠᠨ ᠢᠶᠠᠨ ᠡᠬᠢᠯᠡᠭᠦᠯᠵᠦ᠂ ᠵᠠᠭᠤᠨ ᠵᠢᠯ ᠤᠨ ᠬᠤᠪᠢᠰᠤᠯᠲᠠ ᠪᠣᠯᠤᠨ ᠡᠷᠢᠨ ᠵᠠᠭᠤᠨ ᠤ ᠬᠢᠵᠢᠭ ᠤᠨ ᠪᠠᠶᠢᠳᠠᠯ ᠢ ᠯᠠᠪᠳᠠᠭᠤᠨ ᠢᠶᠠᠷ ᠠᠷᠭᠠᠴᠠᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠤᠯᠭᠠᠬᠤ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠦᠬᠦ ᠪᠥᠮᠪᠥᠷᠴᠡᠭ ᠤᠨ ᠲᠡᠷᠢᠭᠦᠨ ᠤ ᠪᠠᠶᠢᠷᠢ ᠰᠠᠭᠤᠷᠢ ᠶᠢ ᠪᠠᠲᠤᠯᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠲᠦᠷᠭᠡᠨ ᠪᠤᠵᠠᠭᠠᠶᠢᠷᠠᠵᠤ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠳᠠ ᠭᠦᠨᠵᠡᠭᠡᠶᠢᠷᠡᠨ ᠠᠬᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠦᠲᠦᠮᠵᠢᠲᠡᠢ ᠪᠤᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠦᠷᠭᠦᠯᠵᠢᠯᠡᠨ ᠠᠬᠢᠪᠠ᠃ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠢ ᠲᠡᠮᠡᠴᠡᠭᠰᠡᠨ ᠤ ᠦᠷ᠎ᠡ ᠳ᠋ᠦᠩ ᠮᠥᠨ ᠬᠡᠵᠥ ᠦᠵᠡᠪᠡ᠃      ᠬᠤᠷᠠᠯ ᠠᠴᠠ᠂ ᠠᠮᠵᠢᠯᠲᠠ ᠪᠠᠨ ᠭᠦᠢᠴᠡᠳ ᠨᠤᠲᠠᠯᠠᠬᠤ ᠶᠢᠨ ᠬᠠᠮᠲᠤ ᠡᠷᠬᠡᠪᠰᠢ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠳᠤ ᠬᠡᠷᠡᠭᠴᠡᠭᠡ ᠪᠠᠭᠠᠰᠬᠤ᠂ ᠬᠠᠩᠭᠠᠯᠭ᠎ᠠ ᠶᠢᠨ ᠳᠠᠭᠠᠷᠢᠯᠳᠠ ᠳᠤ ᠤᠴᠠᠷᠠᠬᠤ᠂ ᠵᠢᠱᠢᠯᠲᠡ ᠪᠠᠭᠤᠷᠠᠬᠤ ᠭᠤᠷᠪᠠᠨ ᠳᠠᠪᠬᠤᠷ ᠳᠠᠷᠤᠯᠲᠠ ᠲᠤᠯᠭᠠᠷᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠡᠷᠢᠨ ᠵᠠᠭᠤᠨ ᠤ ᠬᠢᠵᠢᠭ ᠤᠨ ᠪᠠᠶᠢᠳᠠᠯ ᠤᠨ ᠲᠠᠭᠠᠷᠢᠯᠳᠠ ᠳᠣᠣᠷ᠎ᠠ᠂ ᠵᠠᠭᠤᠨ ᠵᠢᠯ ᠤᠨ ᠬᠤᠪᠢᠰᠤᠯᠲᠠ ᠲᠦᠷᠭᠡᠰᠦᠨ ᠬᠤᠪᠢᠷᠠᠵᠤ᠂ ᠭᠠᠳᠠᠭᠠᠳᠤ ᠣᠷᠴᠢᠨ ᠨᠥᠬᠦᠴᠡᠯ ᠨᠡᠩ ᠪᠤᠳᠤᠯᠢᠶᠠᠨᠲᠠᠢ ᠬᠦᠨᠳᠦ ᠨᠣᠴᠢᠲᠠᠢ᠂ ᠲᠣᠭᠲᠠᠪᠤᠷᠢ ᠦᠭᠡᠢ ᠪᠤᠯᠵᠤ ᠪᠠᠶᠢᠨ᠎ᠠ᠃ ᠪᠢᠳᠡ ᠬᠦᠴᠢᠷ ᠪᠡᠷᠬᠡᠰᠢᠶᠡᠯ ᠳᠤ ᠵᠥᠪ ᠢᠶᠠᠷ ᠬᠠᠨᠳᠤᠬᠤ ᠮᠥᠷᠲᠡᠭᠡᠨ ᠪᠠᠰᠠ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ᠮᠠᠨ ᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠤᠷᠳᠤ ᠬᠤᠭᠤᠴᠠᠭᠠᠨ ᠤ ᠰᠠᠶᠢᠵᠢᠷᠠᠯᠳᠠ ᠶᠢᠨ ᠦᠨᠳᠦᠰᠦᠨ ᠪᠠᠶᠢᠳᠠᠯ ᠬᠤᠪᠢᠷᠠᠬᠤ ᠦᠭᠡᠢ᠃ ᠤᠯᠠᠨ ᠤᠯᠤᠰ ᠤᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠪᠢᠳᠡ ᠴᠥᠮ ᠥᠪᠡᠷ ᠤᠨ ᠶᠠᠪᠤᠳᠠᠯ ᠢᠶᠠᠨ ᠭᠤᠶᠢᠪᠢᠰᠢ ᠦᠭᠡᠢ ᠪᠠᠷ ᠰᠠᠶᠢᠲᠤᠷ ᠬᠢᠵᠦ᠂ ᠠᠵᠤ ᠠᠬᠤᠢ ᠶᠢᠨ ᠰᠠᠭᠤᠷᠢ ᠪᠠᠨ ᠲᠠᠰᠤᠷᠠᠯᠳᠠ ᠦᠭᠡᠢ ᠬᠦᠴᠦᠷᠬᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠲᠦᠷᠢᠮ ᠢᠶᠠᠷ ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠵᠤ᠂ ᠥᠨᠳᠥᠷ ᠲᠦᠪᠰᠢᠨ ᠪᠦᠬᠦᠢ ᠨᠡᠭᠡᠭᠡᠯᠳᠠ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠪᠠ᠃      ᠬᠤᠷᠠᠯ ᠠᠴᠠ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠦᠢᠯᠡᠳᠦᠯᠭᠡ ᠳᠤᠮᠳᠠ᠂ ᠪᠢᠳᠡ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠤᠯᠠᠮ ᠴᠢᠨᠠᠭᠰᠢᠳᠠ ᠬᠤᠷᠠᠮᠳᠤᠭᠤᠯᠪᠠ᠃ ᠡᠷᠬᠡᠪᠰᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠴᠢᠬᠤᠯᠠ ᠶᠡᠭᠡ ᠥᠷᠢᠰᠥᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ᠂ ᠠᠯᠬᠤᠭ᠎ᠠ ᠨᠢᠭᠡᠲᠡᠢ ᠤᠷᠤᠭᠰᠢᠯᠠᠬᠤ ᠬᠡᠷᠡᠭᠲᠡᠢ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠬᠤ ᠪᠣᠯ ᠨᠠᠮ ᠤᠨ ᠦᠨᠳᠦᠰᠦᠨ ᠱᠤᠭᠤᠮ ᠤᠨ ᠱᠠᠭᠠᠷᠳᠠᠯᠭ᠎ᠠ ᠮᠥᠨ᠂ ᠪᠦᠬᠦ ᠨᠠᠮ ᠢᠶᠠᠷ ᠢᠶᠠᠨ ᠰᠡᠳᠭᠢᠯ ᠰᠠᠨᠠᠭ᠎ᠠ ᠪᠠᠨ ᠲᠥᠪᠯᠡᠷᠡᠭᠦᠯᠦᠨ ᠲᠤᠭᠤᠰᠢᠯᠠᠭᠤᠯᠤᠨ ᠬᠡᠷᠡᠭᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠤᠨ ᠲᠣᠭᠲᠠᠭᠤᠨ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠡᠷᠬᠡᠪᠰᠢ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠪᠠᠨ ᠲᠤᠬᠢᠷᠠᠭᠤᠯᠬᠤ ᠪᠠ ᠥᠭᠡᠷᠡᠴᠢᠯᠡᠯᠲᠡ ᠶᠢ ᠠᠬᠢᠭᠤᠯᠬᠤ ᠳᠤ ᠲᠤᠬᠢᠷᠠᠮᠵᠢᠳᠠᠢ ᠴᠠᠭ᠂ ᠲᠤᠬᠢᠷᠠᠮᠵᠢᠳᠠᠢ ᠬᠡᠮᠵᠢᠶ᠎ᠡ᠂ ᠦᠷ᠎ᠡ ᠪᠦᠲᠦᠮᠵᠢ ᠭᠠᠷᠭᠠᠬᠤ ᠶᠢ ᠰᠠᠶᠢᠲᠤᠷ ᠡᠵᠡᠮᠳᠡᠵᠦ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ᠂ ᠯᠠᠪᠳᠠᠭᠤᠨ ᠪᠠᠲᠤᠲᠠᠢ ᠬᠢᠬᠦ ᠶᠢ ᠪᠠᠷᠢᠮᠲᠠᠯᠠᠬᠤ ᠬᠡᠷᠡᠭᠲᠡᠢ᠃ ᠡᠷᠬᠡᠪᠰᠢ ᠨᠢᠭᠡᠳᠦᠯᠲᠡᠢ ᠲᠥᠯᠥᠪᠵᠢᠬᠦᠯᠤᠨ ᠵᠣᠬᠢᠴᠠᠭᠤᠯᠬᠤ ᠪᠠᠨ ᠴᠢᠩᠭᠠᠳᠬᠠᠵᠤ᠂ ᠰᠢᠰᠲ᠋ᠧᠮᠳᠦ ᠦᠵᠡᠯᠲᠡ ᠶᠢ ᠪᠠᠷᠢᠮᠲᠠᠯᠠᠬᠤ ᠬᠡᠷᠡᠭᠲᠡᠢ ᠭᠡᠵᠤ ᠦᠵᠡᠪᠡ᠃      ᠬᠤᠷᠠᠯ ᠠᠴᠠ᠂ ᠢᠷᠡᠬᠦ ᠵᠢᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠤᠯᠤᠨ᠎ᠠ᠂ ᠡᠨᠡ ᠪᠣᠯ ᠨᠠᠮ ᠪᠣᠯᠤᠨ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠶᠡᠭᠡ ᠶᠠᠪᠤᠳᠠᠯ ᠮᠥᠨ᠂ ᠲᠣᠭᠲᠠᠭᠤᠨ ᠪᠦᠬᠡᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠠᠲᠤᠯᠠᠬᠤ ᠬᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠤᠢ ᠪᠤᠯᠭᠠᠵᠦ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠤ᠂ ᠰᠢᠨ᠎ᠡ ᠶᠢ ᠡᠭᠦᠳᠬᠦ ᠪᠠᠷ ᠬᠦᠳᠡᠯᠬᠡᠬᠦᠷ ᠪᠤᠯᠭᠠᠬᠰᠠᠨ ᠬᠥᠭᠵᠢᠯᠲᠡ ᠶᠢ ᠪᠠᠷᠢᠮᠳᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠬᠤᠷᠸ᠎ᠠ ᠠᠵᠤ ᠠᠬᠤᠢ ᠶᠢᠨ ᠶᠡᠭᠡ ᠲᠠᠯ᠎ᠠ ᠶᠢ ᠬᠦᠴᠦᠯᠡᠨ ᠲᠣᠭᠲᠠᠪᠤᠷᠢᠵᠢᠭᠤᠯᠵᠤ᠂ ᠠᠵᠤ ᠠᠬᠤᠢ ᠶᠢᠨ ᠡᠷᠬᠢᠯᠳᠠ ᠶᠢ ᠵᠣᠬᠢᠰᠲᠠᠢ ᠭᠡᠪᠴᠢᠶᠡᠨ ᠳᠤ ᠪᠠᠶᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠭᠡᠷᠡᠭᠳᠠᠢ ᠬᠡᠵᠥ ᠴᠢᠬᠤᠯᠠᠴᠢᠯᠠᠪᠠ᠃      ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠬᠢᠬᠦ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠬᠡᠷᠡᠭᠲᠡᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠷᠸ᠎ᠠ ᠠᠵᠤ ᠠᠬᠤᠢ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠲᠠᠯ᠎ᠠ ᠶᠢᠨ  ᠬᠢᠨ ᠠᠵᠤ ᠠᠬᠤᠢ ᠶᠢᠨ ᠲᠣᠭᠲᠠᠭᠤᠨ ᠪᠠᠶᠢᠬᠤ ᠳᠤ ᠠᠰᠢᠭᠲᠠᠢ ᠲᠦᠷᠦ ᠶᠢᠨ ᠪᠤᠳᠤᠯᠭ᠎ᠠ ᠶᠢ ᠢᠳᠡᠪᠬᠢᠳᠠᠢ ᠠᠬᠢᠭᠤᠯᠵᠤ᠂ ᠲᠦᠷᠦ ᠶᠢᠨ ᠪᠤᠳᠤᠯᠭ᠎ᠠ ᠶᠢᠨ ᠬᠦᠴᠦᠯᠡᠴᠡ ᠶᠢ ᠵᠣᠬᠢᠰᠲᠠᠢ ᠤᠷᠢᠳᠴᠢᠯᠠᠭᠤᠯᠬᠤ ᠬᠡᠷᠡᠭᠲᠡᠢ ᠭᠡᠵᠦ ᠱᠠᠭᠠᠷᠳᠠᠪᠠ᠃      ᠨᠢᠭᠡ ᠳᠤ᠂ ᠬᠤᠷᠸ᠎ᠠ ᠲᠦᠷᠦ ᠶᠢᠨ ᠪᠤᠳᠤᠯᠭ᠎ᠠ ᠶᠢ ᠯᠠᠪᠳᠠᠭᠤᠨ ᠪᠥᠭᠡᠳ ᠪᠦᠲᠦᠮᠵᠢᠲᠡᠢ ᠪᠠᠶᠢᠯᠭᠠᠬᠤ ᠭᠡᠷᠡᠭᠳᠠᠢ᠃ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠪᠠ ᠲᠤᠬᠳᠠᠭᠤᠨ ᠵᠣᠭᠤᠰᠣᠨ ᠤ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠲᠠᠯ᠎ᠡ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠣᠨᠣᠪᠴᠢᠲᠠᠢ᠂ ᠦᠷᠭᠦᠯᠵᠢᠯᠡᠬᠦ ᠴᠢᠨᠠᠷ ᠢ ᠨᠡᠩ ᠴᠢᠬᠤᠯᠠᠴᠢᠯᠠᠬᠤ ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ ᠪᠠᠲᠤᠯᠠᠵᠤ᠂ ᠵᠠᠷᠤᠯᠭ᠎ᠠ ᠶᠢᠨ ᠠᠬᠢᠴᠠ ᠶᠢ ᠲᠦᠷᠭᠡᠳᠭᠡᠬᠦ ᠬᠡᠷᠡᠭᠲᠡᠢ᠃ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ ᠰᠢᠨ᠎ᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠦᠢᠯᠡᠳᠬᠦ ᠦᠢᠯᠡᠰ᠂ ᠠᠶᠤᠯ ᠲᠦᠭᠰᠢᠭᠦᠷᠢ ᠶᠢ ᠠᠷᠢᠯᠭᠠᠬᠤ ᠵᠡᠷᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠵᠣᠬᠢᠰᠲᠠᠢ ᠪᠠᠷ ᠤᠷᠢᠳᠴᠢᠯᠠᠨ ᠥᠷᠨᠢᠭᠦᠯᠬᠦ ᠭᠡᠷᠡᠭᠳᠠᠢ᠃ ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠬᠤ ᠶᠢ ᠪᠠᠷᠢᠮᠲᠠᠯᠠᠬᠤ ᠬᠡᠷᠡᠭᠲᠡᠢ᠃ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠬᠤ ᠭᠡᠷᠡᠭᠳᠠᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠠᠯᠳᠠ ᠥᠭᠴᠡᠭᠡ ᠶᠢᠨ ᠰᠢᠨ᠎ᠡ ᠪᠠᠷ ᠨᠡᠮᠡᠭᠳᠡᠭᠦ ᠶᠢ ᠲᠠᠰᠤ ᠬᠤᠷᠢᠭᠯᠠᠬᠤ ᠭᠡᠷᠡᠭᠳᠠᠢ᠃ ᠲᠤᠬᠳᠠᠭᠤᠨ ᠵᠣᠭᠤᠰᠣᠨ ᠤ ᠲᠦᠷᠦ ᠶᠢᠨ ᠪᠤᠳᠤᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ ᠪᠠᠶᠢᠯᠭᠠᠵᠤ᠂ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ ᠪᠥᠭᠡᠳ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠳᠦᠯᠦᠨ ᠵᠢᠯᠣᠭᠤᠳᠴᠤ ᠪᠠᠶᠢᠭᠠᠳ ᠪᠣᠳᠠᠲᠤ ᠴᠣᠭᠴᠠ ᠶᠢᠨ ᠠᠵᠤ ᠠᠬᠤᠢ ᠢᠯᠠᠩᠭᠤᠶ᠎ᠠ ᠪᠠᠭ᠎ᠠ ᠵᠢᠵᠢᠭ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠲᠤᠯ ᠦᠭᠡᠢ ᠬᠥᠭᠵᠢᠯᠲᠡ ᠶᠢ ᠳᠡᠮᠵᠢᠬᠦ ᠡᠷᠴᠢᠮ ᠢ ᠴᠢᠩᠭᠠᠷᠠᠭᠤᠯᠬᠤ ᠭᠡᠷᠡᠭᠳᠠᠢ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠪᠠ ᠵᠣᠭᠤᠰᠣᠨ ᠤ ᠲᠦᠷᠦ ᠶᠢᠨ ᠪᠤᠳᠤᠯᠭ᠎ᠠ ᠶᠢ ᠵᠣᠬᠢᠴᠠᠭᠤᠯᠤᠨ ᠬᠤᠯᠪᠣᠯᠳᠤᠭᠤᠯᠵᠤ᠂ ᠦᠶᠡᠯᠡᠯ ᠠᠯᠤᠰᠯᠠᠬᠤ ᠪᠠ ᠦᠶᠡᠯᠡᠯ ᠰᠥᠷᠬᠦ ᠬᠤᠷᠸ᠎ᠠ ᠲᠤᠬᠢᠷᠠᠭᠤᠯᠭ᠎ᠠ ᠡᠵᠡᠮᠰᠢᠯ ᠤᠨ ᠲᠦᠷᠦ ᠶᠢᠨ ᠪᠤᠳᠤᠯᠭ᠎ᠠ ᠶᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠬᠤ ᠭᠡᠷᠡᠭᠳᠠᠢ᠃      ᠬᠤᠶᠠᠷ ᠲᠤ᠂ ᠬᠤᠮᠠᠬᠢ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠳᠤᠯᠢᠭ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠯ ᠵᠣᠷᠢᠭ ᠢ ᠬᠥᠪᠴᠢᠯᠡᠵᠦ᠂ ᠡᠷᠬᠡ ᠲᠡᠭᠰᠢ ᠪᠠᠷ ᠦᠷᠢᠰᠦᠯᠳᠦᠬᠦ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠢ ᠠᠬᠢᠭᠤᠯᠵᠤ᠂ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠵᠦᠢ ᠪᠤᠰᠤ ᠥᠷᠢᠰᠥᠯᠳᠦᠭᠡᠨ ᠢ ᠡᠰᠡᠷᠭᠦᠴᠡᠬᠦ ᠶᠢ ᠴᠢᠩᠭᠠᠳᠬᠠᠵᠤ᠂ ᠲᠥᠪ ᠭᠤᠣᠯᠴᠢ ᠬᠢᠨᠠᠨ ᠬᠠᠮᠢᠶᠠᠷᠤᠯᠳᠠ ᠪᠠᠷ ᠡᠷᠬᠡ ᠲᠡᠭᠰᠢ ᠦᠷᠢᠰᠦᠯᠳᠦᠬᠦ ᠶᠢ ᠪᠠᠲᠤᠯᠠᠬᠤ ᠬᠡᠷᠡᠭᠲᠡᠢ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠥᠮᠴᠢᠯᠡᠯ ᠤᠨ ᠲᠦᠷᠢᠮᠳᠦ ᠠᠵᠤ ᠠᠬᠤᠶᠢᠯᠠᠯ ᠤᠨ ᠦᠷᠢᠰᠦᠯᠳᠦᠨ ᠬᠥᠭᠵᠢᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠭᠡᠷᠡᠭᠳᠠᠢ᠃ ᠭᠡᠷ᠎ᠡ ᠶᠢᠨ ᠵᠣᠷᠢᠭ ᠰᠠᠨᠠᠭ᠎ᠠ ᠶᠢ ᠴᠢᠩᠭᠠᠷᠠᠭᠤᠯᠵᠤ᠂ ᠵᠤᠷᠢᠭᠤᠳᠠ ᠦᠷᠢ ᠰᠢᠷᠢ ᠪᠠᠨ ᠦᠭᠬᠦ ᠦᠬᠡᠢ ᠪᠠ ᠥᠷᠢ ᠥᠭᠴᠡᠭᠡ ᠠᠴᠠ ᠵᠠᠶᠢᠯᠠᠬᠤ ᠦᠶᠯᠡ ᠠᠵᠢᠯᠯᠠᠭ᠎ᠠ ᠶᠢ ᠪᠦᠲᠦᠮᠵᠢᠲᠡᠶ ᠴᠡᠭᠴᠡᠯᠡᠨ ᠵᠠᠰᠠᠬᠤ ᠭᠡᠷᠡᠭᠳᠠᠢ᠃      ᠭᠤᠷᠪᠠ ᠳᠤ᠂ ᠪᠦᠲᠦᠴᠡ ᠶᠢᠨ ᠲᠦᠷᠦ ᠶᠢᠨ ᠪᠤᠳᠤᠯᠭ᠎ᠠ ᠶᠢᠨ ᠲᠠᠯ᠎ᠡ ᠪᠠᠷ ᠤᠯᠤᠰ ᠠᠷᠠᠳ ᠤᠨ ᠠᠵᠤ ᠠᠬᠤᠢ ᠶᠢᠨ ᠣᠷᠴᠢᠯ ᠢ ᠬᠦᠴᠦᠯᠡᠨ ᠰᠠᠭᠠᠳ ᠦᠭᠡᠢ ᠨᠡᠪᠲᠡᠷᠡᠭᠦᠯᠬᠦ ᠭᠡᠷᠡᠭᠲᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ ᠳᠤ ᠭᠤᠣᠯᠳᠠᠯᠭ᠎ᠠ ᠪᠠᠨ ᠲᠠᠯᠪᠢᠵᠤ᠂ ᠬᠠᠩᠭᠠᠯᠭ᠎ᠠ ᠶᠢᠨ ᠬᠢᠵᠠᠭᠠᠷᠯᠠᠯ ᠲᠦᠭᠵᠢᠷᠡᠯ ᠢ ᠰᠢᠪᠲᠤᠯᠬᠤ ᠳᠤ ᠭᠤᠣᠯᠳᠠᠯᠭ᠎ᠠ ᠪᠠᠨ ᠲᠠᠯᠪᠢᠵᠤ ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡ ᠶᠢᠨ ᠡᠯ᠎ᠡ ᠭᠤᠭᠴᠤᠭ᠎ᠠ ᠶᠢ ᠨᠡᠪᠲᠡᠷᠡᠭᠦᠯᠬᠦ ᠳᠤ ᠭᠤᠣᠯᠳᠠᠯᠭ᠎ᠠ ᠪᠠᠨ ᠲᠠᠯᠪᠢᠬᠤ ᠭᠡᠷᠡᠭᠲᠡᠢ᠃ ᠦᠢᠯᠡᠳᠬᠦ ᠦᠢᠯᠡᠰ ᠤᠨ ᠭᠤᠣᠯᠯᠠᠬᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠨᠢᠭᠡ ᠪᠦᠯᠦᠭ ᠠᠵᠤ ᠦᠢᠯᠡᠰ ᠤᠨ ᠰᠠᠭᠤᠷᠢ ᠶᠢ ᠲᠠᠬᠢᠨ ᠴᠣᠭᠴᠠᠯᠠᠬᠤ ᠢᠨᠵᠧᠨᠧᠷᠢᠩ ᠤᠨ ᠲᠦᠷᠦᠯ ᠵᠦᠢᠯ ᠢ ᠡᠬᠢᠯᠡᠭᠦᠯᠵᠦ᠂ ᠨᠢᠭᠡ ᠪᠦᠯᠦᠭ ︽ᠲᠤᠰᠬᠠᠢ ᠨᠠᠷᠢᠯᠢᠭ ᠣᠨᠴᠠᠭᠠᠢ ᠰᠢᠨ᠎ᠡ︾ ᠠᠵᠤ ᠠᠬᠤᠶᠢᠯᠠᠯ ᠢ ᠤᠷᠮᠠᠰᠢᠭᠤᠯᠤᠨ ᠬᠥᠭᠵᠢᠭᠡᠬᠦ ᠬᠡᠷᠡᠭᠲᠡᠢ᠃ ᠳᠣᠲᠣᠭᠠᠳᠤ ᠭᠠᠳᠠᠭᠠᠳᠤ ᠬᠤᠯᠪᠣᠯᠳᠤᠨ ᠨᠡᠪᠲᠡᠷᠡᠯᠴᠡᠭᠰᠡᠨ᠂ ᠠᠮᠤᠷ ᠲᠦᠪᠰᠢᠨ ᠥᠨᠳᠥᠷ ᠪᠦᠲᠦᠮᠵᠢᠲᠡᠶ ᠪᠠᠷᠠᠭᠠᠨ ᠤ ᠭᠦᠶᠯᠭᠡᠭᠡᠨ ᠤ ᠲᠤᠤᠷ ᠰᠦᠯᠵᠢᠶ᠎ᠡ ᠶᠢ ᠲᠦᠷᠭᠡᠳᠭᠡᠨ ᠪᠤᠢ ᠪᠣᠯᠭᠠᠬᠤ ᠭᠡᠷᠡᠭᠲᠡᠢ᠃ ᠲᠣᠭᠠᠴᠢᠯᠠᠭᠰᠠᠨ ᠥᠭᠡᠷᠡᠴᠢᠯᠡᠯᠲᠡ ᠶᠢ ᠲᠦᠷᠭᠡᠳᠭᠡᠵᠦ᠂ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠭᠡᠷᠡᠭᠲᠡᠢ᠃ ᠭᠡᠷ ᠪᠠᠶᠢᠰᠢᠩ ᠪᠤᠯ ᠰᠠᠭᠤᠬᠤ ᠳᠤ ᠵᠤᠷᠢᠭᠤᠯᠤᠬᠰᠠᠨ ᠶᠤᠮ᠂ ᠰᠠᠷᠢᠭᠠᠯᠠᠬᠤ ᠳᠤ ᠵᠤᠷᠢᠭᠤᠯᠤᠬᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠵᠢᠱᠢᠯᠲᠡ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠬᠥᠭᠵᠢᠯᠲᠡ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠣᠷᠳᠣ ᠬᠤᠭᠤᠴᠠᠭᠠᠨ ᠤ ᠲᠦᠷᠢᠶᠡᠰᠦᠨ ᠣᠷᠣᠨ ᠰᠠᠭᠤᠴᠠ ᠶᠢᠨ ᠵᠠᠬ᠎ᠠ ᠳᠡᠯᠭᠡᠭᠦᠷ ᠢ ᠲᠦᠷᠭᠡᠪᠴᠢᠯᠡᠨ ᠬᠥᠭᠵᠢᠭᠦᠯᠵᠦ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠲᠠᠸᠠᠷ ᠤᠨ ᠬᠡᠷ ᠪᠠᠶᠢᠰᠢᠩ ᠤᠨ ᠵᠠᠬ᠎ᠠ ᠳᠡᠯᠭᠡᠭᠦᠷ ᠤᠨ ᠬᠡᠷ ᠬᠤᠳᠠᠯᠳᠤᠨ ᠠᠪᠤᠭᠴᠢ ᠶᠢᠨ ᠣᠷᠣᠨ ᠰᠠᠭᠤᠴᠠ ᠶᠢᠨ ᠵᠦᠶ ᠵᠣᠬᠢᠰᠲᠠᠶ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠶᠢ ᠳᠡᠮᠵᠢᠵᠦ᠂ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠬᠡᠷ ᠭᠠᠵᠠᠷ ᠤᠨ ᠬᠥᠷᠥᠩᠭᠡ ᠶᠢᠨ ᠦᠶᠯᠡᠰ ᠤᠨ ᠰᠠᠶᠢᠨ ᠣᠷᠴᠢᠯ ᠪᠠ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃      ᠳᠥᠷᠪᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠬᠤ ᠭᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠬᠡᠷᠡᠭᠵᠢᠭᠦᠯᠵᠦ᠂ ᠰᠠᠭᠤᠷᠢ ᠰᠤᠳᠤᠯᠭᠠᠨ ᠤ ᠠᠷᠪᠠᠨ ᠵᠢᠯ ᠤᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠤᠯᠤᠰ ᠤᠨ ᠲᠤᠷᠰᠢᠯᠲᠠ ᠶᠢᠨ ᠲᠠᠰᠤᠭ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠳᠠᠬᠢᠨ ᠨᠡᠶᠢᠳᠭᠡᠨ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠠᠬᠢᠭᠤᠯᠬᠤ ᠭᠡᠷᠡᠭᠲᠡᠢ ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠢ ᠤᠶᠠᠯᠳᠤᠭᠤᠯᠬᠤ ᠶᠢ ᠭᠦᠨᠵᠡᠭᠡᠶᠢᠷᠡᠭᠦᠯᠬᠦ ᠭᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢ ᠠᠬᠤᠢ ᠶᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠯᠠᠪᠳᠠᠭᠤᠨ ᠪᠠᠲᠤᠲᠠᠢ ᠰᠤᠷᠲᠠᠯ ᠢ ᠪᠤᠢ ᠪᠣᠯᠭᠠᠬᠤ ᠭᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠦᠷᠭᠦᠯᠵᠢᠯᠡᠨ ᠥᠷᠨᠢᠭᠦᠯᠬᠦ ᠭᠡᠷᠡᠭᠲᠡᠢ᠃      ᠲᠠᠪᠤ ᠳᠤ᠂ ᠥᠭᠡᠷᠡᠴᠢᠯᠡᠯᠲᠡ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠪᠠᠷ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠬᠦ ᠭᠡᠷᠡᠭᠲᠡᠢ᠃ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢ ᠰᠠᠶᠢᠲᠤᠷ ᠠᠳᠬᠤᠵᠤ᠂ ᠰᠲ᠋ᠣᠺ ᠲᠠᠷᠬᠠᠭᠠᠬᠤ ᠳᠠᠩᠰᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠴᠠᠬᠢᠯᠭᠠᠨ ᠲᠣᠣᠷ᠂ ᠲᠡᠮᠦᠷ ᠵᠠᠮ ᠵᠡᠷᠭᠡ ᠠᠶᠠᠨᠳᠠᠭᠠᠨ ᠭᠠᠭᠴᠠᠭᠠᠷ ᠡᠵᠡᠮᠰᠢᠬᠦ ᠠᠵᠢᠯ ᠲᠦᠷᠦᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠣᠷᠣᠨ ᠨᠤᠲᠤᠭ ᠤᠨ ᠥᠭᠡᠷᠡᠴᠢᠯᠡᠯᠲᠡ ᠶᠢᠨ ᠢᠳᠡᠪᠬᠢᠵᠢᠯ ᠢ ᠳᠠᠶᠢᠴᠢᠯᠠᠵᠤ᠂ ᠡᠯ᠎ᠡ ᠭᠠᠵᠠᠷ ᠤᠨ ᠬᠢᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠰᠠᠨᠠᠭᠠᠴᠢᠯᠠᠭ᠎ᠠ ᠠᠴᠠ ᠪᠠᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠬᠤ ᠭᠡᠷᠡᠭᠲᠡᠢ᠃ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠭᠡᠵᠦ᠂ ᠲᠦᠷᠢᠮ ᠤᠨ ᠬᠡᠯᠪᠡᠷᠢ ᠶᠢᠨ ᠨᠡᠭᠡᠭᠡᠯᠲᠡ ᠶᠢ ᠠᠬᠢᠭᠤᠯᠵᠤ᠂ ᠭᠠᠳᠠᠭᠠᠳᠤ ᠶᠢᠨ ᠪᠡᠯᠡᠳᠦ ᠠᠵᠤ ᠠᠬᠤᠶᠢᠯᠠᠯ ᠤᠨ ᠢᠷᠭᠡᠳ ᠤᠨ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠵᠤ᠂ ᠨᠠᠩ ᠣᠯᠠᠨ ᠤᠯᠤᠰ ᠠᠯᠤᠰᠯᠠᠭᠰᠠᠨ ᠺᠣᠮᠫᠠᠨᠢ ᠶᠢᠨ ᠪᠠᠯᠠ ᠣᠷᠣᠭᠤᠯᠤᠯᠲᠠ ᠶᠢ ᠲᠠᠲᠠᠵᠤ᠂ ᠴᠢᠬᠤᠯᠠ ᠶᠡᠭᠡ ᠭᠠᠳᠠᠭᠠᠳᠤ ᠪᠠᠯᠠ ᠶᠢᠨ ᠲᠥᠷᠥᠯ ᠵᠦᠶᠯ ᠢ ᠲᠦᠷᠭᠡᠳᠭᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠭᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠭᠡᠷᠡᠭᠲᠡᠢ᠃      ᠵᠢᠷᠭᠤᠭ᠎ᠠ ᠳᠤ᠂ ᠣᠷᠣᠨ ᠪᠦᠰᠡ ᠶᠢᠨ ᠲᠦᠷᠦ ᠶᠢᠨ ᠪᠤᠳᠤᠯᠭ᠎ᠠ ᠪᠠᠷ ᠬᠥᠭᠵᠢᠯᠲᠡ ᠶᠢᠨ ᠲᠡᠩᠴᠡᠭᠦᠷᠢᠲᠦ ᠴᠢᠨᠠᠷ ᠵᠣᠬᠢᠴᠠᠩᠭᠤᠢ ᠴᠢᠨᠠᠷ ᠢ ᠴᠢᠩᠭᠠᠳᠬᠠᠬᠤ ᠭᠡᠷᠡᠭᠲᠡᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠠ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠵᠡᠭᠦᠨ᠂ ᠳᠤᠮᠳᠠ᠂ ᠪᠠᠷᠠᠭᠤᠨ ᠪᠠ ᠵᠡᠭᠦᠨ ᠬᠤᠶᠢᠲᠤ ᠣᠷᠣᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠡᠷᠡᠭᠲᠡᠢ᠃      ᠲᠤᠯᠤᠭ᠎ᠠ ᠳᠤ᠂ ᠨᠡᠶᠢᠭᠡᠮ ᠤᠨ ᠲᠦᠷᠦ ᠶᠢᠨ ᠪᠤᠳᠤᠯᠭ᠎ᠠ ᠨᠢ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠵᠤ ᠠᠬᠤᠢ ᠶᠢᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠶᠢᠩᠭᠤ ᠰᠠᠭᠤᠭ᠎ᠠ ᠭᠠᠵᠠᠷ ᠲᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠲᠦᠷᠢᠮ ᠢ ᠪᠦᠷᠢᠨᠰᠢᠬᠦᠯᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠮᠢᠳᠤᠯᠢᠭ ᠢᠶᠠᠷ ᠠᠵᠢᠯ ᠤᠯᠭᠤᠬᠤ ᠬᠥᠳᠡᠯᠮᠦᠷᠢ ᠬᠦᠴᠦ ᠪᠠ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠭᠦ ᠭᠡᠷᠡᠭᠳᠡᠢ᠃ ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦ ᠤᠯᠤᠰ ᠲᠤ ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠬᠤ ᠭᠡᠷᠡᠭᠲᠡᠢ᠃ ᠦᠷᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠭᠠᠬᠤ ᠬᠡᠷᠡᠭᠳᠡᠢ᠃      ᠬᠤᠷᠠᠯ ᠠᠴᠠ᠂ ᠰᠢᠨ᠎ᠡ ᠬᠥᠭᠵᠢᠯᠲᠡ ᠶᠢᠨ ᠱᠠᠲᠤᠨ ᠳᠤ ᠣᠷᠣᠵᠤ᠂ ᠮᠠᠨ ᠤ ᠤᠯᠤᠰ ᠤᠨ ᠬᠥᠭᠵᠢᠯᠲᠡ ᠶᠢᠨ ᠳᠣᠲᠣᠭᠠᠳᠤ ᠭᠠᠳᠠᠭᠠᠳᠤ ᠣᠷᠴᠢᠨ ᠳᠤ ᠭᠦᠨᠵᠡᠭᠡᠢ ᠬᠤᠪᠢᠷᠠᠯᠲᠠ ᠭᠠᠷᠴᠤ᠂ ᠮᠠᠰᠢ ᠤᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠰᠢᠨ᠎ᠡ ᠠᠰᠠᠭᠤᠳᠠᠯ ᠳᠤ ᠲᠤᠯᠭᠠᠷᠠᠵᠠᠢ᠂ ᠵᠥᠪ ᠢᠶᠠᠷ ᠲᠠᠨᠢᠵᠥ ᠡᠵᠡᠮᠳᠡᠭᠦ ᠶᠢ ᠱᠠᠭᠠᠷᠳᠠᠵᠤ ᠪᠠᠶᠢᠨ᠎ᠠ ᠭᠡᠵᠤ ᠦᠵᠡᠪᠡ᠃      ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠬᠠᠷᠠᠯᠲᠠ ᠪᠠ ᠦᠢᠯᠡᠳᠦᠯᠭᠡ ᠶᠢᠨ ᠠᠷᠭ᠎ᠠ ᠵᠠᠮ ᠢ ᠵᠥᠪ ᠲᠠᠨᠢᠵᠤ ᠡᠵᠡᠮᠰᠢᠬᠦ ᠬᠡᠷᠡᠭᠲᠡᠢ᠃ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠳᠣᠣᠷ᠎ᠠ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠡᠰᠦᠷᠡᠯᠳᠠ ᠤᠢᠭᠡᠢ ᠴᠢᠯᠥᠭᠡᠯᠡᠨ ᠬᠥᠭᠵᠢᠭᠦᠯᠵᠦ᠂ ᠨᠡᠶᠢᠭᠡᠮ ᠤᠨ ᠡᠳ᠋ ᠪᠠᠶᠠᠯᠢᠭ ᠢ ᠲᠡᠰᠦᠷᠡᠯᠳᠠ ᠤᠢᠭᠡᠢ ᠡᠭᠦᠳᠦᠨ ᠪᠦᠲᠦᠭᠡᠵᠦ ᠬᠤᠷᠠᠮᠳᠤᠭᠤᠯᠬᠤ ᠬᠡᠷᠡᠭᠲᠡᠢ ᠮᠥᠷᠲᠡᠭᠡᠨ ᠪᠠᠰᠠ ᠬᠤᠶᠠᠷ ᠲᠤᠶᠢᠯᠰᠢᠷᠠᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠬᠠᠮᠲᠤ ᠪᠠᠷ ᠪᠠᠶᠠᠵᠢᠬᠤ ᠬᠠᠷᠠᠯᠲᠠ ᠶᠢ ᠪᠡᠶᠡᠯᠡᠭᠦᠯᠬᠦ ᠳᠤ᠂ ᠡᠩ ᠲᠡᠷᠢᠭᠦᠨ ᠳᠤ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ ᠲᠡᠮᠡᠴᠡᠯ ᠢᠶᠠᠷ ᠳᠠᠮᠵᠢᠨ ︽ᠪᠣᠭᠤᠷᠰᠤᠭ︾ ᠢ ᠪᠤᠵᠠᠭᠠᠶᠢᠷᠠᠭᠤᠯᠤᠨ ᠰᠠᠶᠢᠲᠤᠷ ᠬᠢᠵᠦ᠂ ᠳᠠᠷᠠᠭ᠎ᠠ ᠨᠢ ᠵᠦᠢ ᠵᠣᠬᠢᠰᠲᠠᠢ ᠳᠦᠷᠢᠮ ᠤᠨ ᠲᠤᠬᠢᠷᠠᠭᠤᠯᠤᠯᠲᠠ ᠪᠠᠷ ᠳᠠᠮᠵᠢᠨ ︽ᠪᠣᠭᠤᠷᠰᠤᠭ︾ ᠢ ᠰᠠᠶᠢᠲᠤᠷ ᠬᠤᠪᠢᠶᠠᠬᠤ ᠬᠡᠷᠡᠭᠲᠡᠢ᠃ ᠡᠨᠡ ᠪᠣᠯ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ ᠂ ᠡᠨᠡ ᠬᠦ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠠᠵᠢᠯ ᠣᠯᠭᠤᠯᠲᠠ ᠶᠢ ᠳᠡᠷᠢᠬᠦᠨ ᠪᠠᠶᠢᠷᠢᠨ ᠳᠤ ᠳᠠᠯᠪᠢᠬᠤ ᠤᠳᠤᠷᠢᠳᠤᠮᠵᠢ ᠶᠢ ᠴᠢᠩᠭᠠᠳᠬᠠᠵᠤ᠂ ᠠᠵᠤ ᠠᠬᠤᠢ ᠶᠢᠨ ᠨᠡᠮᠡᠭᠳᠡᠯ ᠤᠨ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢ ᠨᠢ ᠳᠡᠭᠡᠭᠰᠢᠯᠡᠭᠦᠯᠬᠦ ᠬᠡᠷᠡᠭᠲᠡᠢ᠃ ᠬᠤᠪᠢᠶᠠᠷᠢᠯᠠᠯᠲᠠ ᠶᠢᠨ ᠴᠢᠳᠠᠮᠵᠢ ᠪᠠ ᠦᠢᠯᠡᠳᠦᠯ ᠢ ᠪᠠᠳᠠᠷᠠᠭᠤᠯᠵᠤ᠂ ᠬᠥᠳᠡᠯᠮᠦᠷᠢᠯᠡᠭᠰᠡᠨ ᠤ ᠬᠢᠨᠢ ᠬᠢᠷᠢ ᠪᠠᠷ ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠬᠤ ᠶᠢ ᠪᠠᠷᠢᠮᠲᠠᠯᠠᠵᠤ᠂ ᠡᠯᠧᠮᠧᠨ᠋ᠲ ᠢᠶᠠᠷ ᠬᠤᠪᠢᠶᠠᠷᠢᠯᠠᠬᠤ ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠭᠠᠶᠢᠯᠢ ᠲᠠᠲᠠᠪᠤᠷᠢ᠂ ᠨᠡᠶᠢᠭᠡᠮ ᠤᠨ ᠪᠠᠲᠤᠯᠠᠭ᠎ᠠ᠂ ᠰᠢᠯᠵᠢᠭᠦᠯᠦᠨ ᠲᠤᠭᠠᠴᠠᠭ᠎ᠠ ᠬᠢᠬᠦ ᠵᠡᠷᠭᠡ ᠶᠢ ᠲᠤᠬᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠦᠰᠡᠯ ᠡᠷᠡᠮᠡᠯᠵᠡᠯ ᠲᠠᠢ ᠪᠥᠭᠡᠳ ᠴᠢᠳᠠᠪᠤᠷᠢ ᠲᠠᠢ ᠠᠵᠤ ᠠᠬᠤᠶᠢᠯᠠᠯ ᠪᠠ ᠨᠡᠶᠢᠭᠡᠮ ᠤᠨ ᠪᠦᠯᠬᠦᠮ ᠤᠨ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠣᠯᠴᠠᠬᠤ ᠶᠢ ᠳᠡᠮᠵᠢᠬᠦ ᠭᠡᠷᠡᠭᠲᠡᠢ ᠃ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠦᠷᠢᠶᠡᠨ ᠳᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠣᠨᠣᠴᠠᠲᠠᠢ ᠬᠠᠩᠭᠠᠬᠤ ᠬᠡᠷᠡᠭᠲᠡᠢ᠃      ᠬᠥᠷᠥᠩᠭᠡ ᠶᠢᠨ ᠣᠨᠴᠠᠯᠢᠭ ᠪᠠ ᠠᠵᠢᠯᠯᠠᠭ᠎ᠠ ᠶᠢᠨ ᠵᠢᠮ᠎ᠡ ᠶᠣᠰᠣ ᠶᠢ ᠵᠥᠪ ᠲᠠᠨᠢᠵᠤ ᠡᠵᠡᠮᠰᠢᠬᠦ ᠬᠡᠷᠡᠭᠲᠡᠶ᠃ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠪᠣᠯ ᠨᠢᠭᠡᠨ ᠠᠭᠤᠤ ᠶᠡᠭᠡ ᠡᠭᠦᠳᠦᠯᠲᠡ ᠮᠥᠨ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠳᠤ ᠡᠯ᠎ᠡ ᠵᠦᠢᠯ ᠤᠨ ᠬᠡᠯᠪᠡᠷᠢ ᠶᠢᠨ ᠬᠦᠷᠦᠩᠭᠡ ᠵᠠᠶᠢᠯᠠᠰᠢ ᠤᠢᠭᠡᠢ ᠪᠠᠶᠢᠳᠠᠭ᠂ ᠬᠦᠷᠦᠩᠭᠡ ᠶᠢᠨ ᠦᠢᠯᠡᠳᠪᠦᠷᠢᠯᠡᠯ ᠤᠨ ᠡᠯᠧᠮᠧᠨ᠋ᠲ ᠪᠣᠯᠬᠤ ᠢᠳᠡᠪᠬᠢᠲᠡᠢ ᠦᠢᠯᠡᠳᠦᠯ ᠢ ᠨᠢ ᠪᠠᠳᠠᠷᠠᠭᠤᠯᠬᠤ ᠶᠢᠨ ᠬᠠᠮᠲᠤ ᠨᠠᠵᠠᠭᠠᠢ ᠦᠢᠯᠡᠳᠦᠯ ᠢ  ᠨᠢ ᠪᠦᠲᠦᠮᠵᠢᠲᠡᠢ ᠪᠠᠷ ᠬᠢᠵᠠᠭᠠᠷᠯᠠᠬᠤ ᠬᠡᠷᠡᠭᠲᠡᠢ᠃ ᠬᠦᠷᠦᠩᠭᠡ ᠳᠤ ︽ᠤᠯᠠᠭᠠᠨ ᠨᠣᠭᠤᠭᠠᠨ ᠳ᠋ᠧᠩ︾ ᠭᠠᠷᠭᠠᠵᠤ᠂ ᠬᠦᠷᠦᠩᠭᠡ ᠶᠢᠨ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠬᠦᠷᠦᠩᠭᠡ ᠶᠢᠨ ᠵᠡᠷᠯᠢᠭ ᠪᠠᠯᠠᠮᠠᠳ ᠢᠶᠠᠷ ᠥᠰᠭᠦ ᠶᠢ ᠰᠡᠷᠭᠡᠶᠢᠯᠡᠬᠦ ᠬᠡᠷᠡᠭᠲᠡᠶ᠃ ᠬᠦᠷᠦᠩᠭᠡ ᠶᠢᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠳᠡᠮᠵᠢᠨ ᠵᠢᠯᠣᠭᠤᠳᠴᠤ᠂ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠭᠤᠶᠢᠪᠢᠰᠢ ᠦᠭᠡᠢ ᠵᠣᠷᠢᠭᠵᠢᠭᠤᠯᠤᠨ᠂ ᠳᠡᠮᠵᠢᠵᠦ᠂ ᠬᠦᠲᠦᠯᠦᠨ ᠵᠢᠯᠣᠭᠤᠳᠬᠤ ᠬᠡᠷᠡᠭᠲᠡᠢ᠃      ᠠᠩᠬ᠎ᠠ ᠵᠡᠷᠭᠡ ᠶᠢᠨ ᠦᠢᠯᠡᠳᠬᠦᠨ ᠤ ᠬᠠᠩᠭᠠᠯᠭ᠎ᠠ ᠶᠢᠨ ᠪᠠᠳᠤᠯᠠᠭ᠎ᠠ ᠶᠢ ᠵᠥᠪ ᠲᠠᠨᠢᠵᠤ ᠡᠵᠡᠮᠰᠢᠬᠦ ᠬᠡᠷᠡᠭᠲᠡᠢ᠃ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠬᠡᠷᠡᠭᠲᠡᠢ᠃ ᠦᠢᠯᠡᠳᠪᠦᠷᠢᠯᠡᠯ ᠤᠨ ᠬᠦᠷᠢᠶᠡᠨ ᠳᠤ᠂ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠬᠤ᠂ ᠡᠷᠴᠢᠮᠵᠢᠭᠦᠯᠬᠦ᠂ ᠡᠷᠭᠢᠯᠳᠦᠭᠦᠯᠦᠨ ᠠᠰᠢᠭᠯᠠᠬᠤ ᠶᠢ ᠠᠬᠢᠭᠤᠯᠬᠤ ᠭᠡᠷᠡᠭᠳᠠᠢ᠃ ᠬᠡᠷᠡᠭᠯᠡᠭᠡᠨ ᠤ ᠬᠦᠷᠢᠶᠡᠨ ᠳᠤ᠂ ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ ᠢ ᠴᠢᠩᠭᠠᠳᠬᠠᠵᠤ᠂ ᠠᠷᠪᠢᠲᠠᠢ ᠲᠣᠬᠢᠷᠠᠮᠵᠢᠲᠠᠢ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠬᠤ ᠭᠡᠷᠡᠭᠳᠠᠢ᠃ ᠤᠯᠤᠰ ᠤᠨ ᠳᠣᠲᠣᠭᠠᠳᠤ ᠶᠢᠨ ᠡᠬᠢ ᠪᠠᠶᠠᠯᠢᠭ ᠤᠨ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠴᠢᠯᠠᠭᠤᠨ ᠲᠤᠰᠤ ᠪᠠᠶᠢᠭᠠᠯᠢ ᠶᠢᠨ ᠰᠢᠳᠠᠮᠠᠬᠠᠢ ᠭᠡᠢ ᠵᠡᠷᠭᠡ ᠡᠬᠢ ᠪᠠᠶᠠᠯᠢᠭ ᠢ ᠨᠡᠭᠡᠭᠡᠨ ᠮᠠᠯᠲᠠᠬᠤ ᠲᠡᠷᠢᠭᠦᠨ ᠤ ᠮᠡᠷᠭᠡᠵᠢᠯ ᠢ ᠨᠡᠭᠡᠭᠡᠨ ᠠᠰᠢᠭᠯᠠᠬᠤ ᠶᠢ ᠲᠦᠷᠭᠡᠳᠭᠡᠵᠦ᠂ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ᠃ ᠲᠠᠷᠢᠶᠠᠯᠠᠩ ᠤᠨ ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠲᠠᠷᠢᠮᠠᠯ ᠤᠨ ᠦᠶᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠲᠦᠪᠰᠢᠨ ᠢ ᠳᠡᠭᠡᠭᠰᠢᠯᠡᠭᠦᠯᠵᠦ᠂ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠵᠦᠶ ᠵᠣᠬᠢᠰᠲᠠᠶ ᠠᠰᠢᠭ ᠣᠷᠣᠯᠭ᠎ᠠ ᠶᠢ ᠪᠠᠲᠤᠯᠠᠵᠤ᠂ ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠬᠡᠵᠢᠶ᠎ᠡ ᠴᠦ ᠭᠡᠰᠡᠨ ᠴᠥᠮ ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠲᠡᠶ᠃      ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠵᠥᠪ ᠲᠠᠨᠢᠵᠤ ᠡᠵᠡᠮᠰᠢᠬᠦ ᠬᠡᠷᠡᠭᠲᠡᠢ᠃ ᠦᠷᠭᠦᠯᠵᠢᠯᠡᠨ ᠶᠡᠭᠡ ᠲᠠᠯ᠎ᠠ ᠶᠢ ᠲᠣᠭᠲᠠᠪᠤᠷᠢᠵᠢᠭᠤᠯᠬᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠨᠣᠴᠠᠲᠠᠶ ᠪᠠᠷ ᠵᠠᠳᠠᠯᠬᠤ ᠴᠢᠭᠯᠡᠯᠲᠡ ᠶᠣᠰᠣᠭᠠᠷ᠂ ᠠᠶᠤᠯ ᠲᠦᠭᠰᠢᠭᠦᠷᠢ ᠶᠢ ᠰᠢᠶᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠮᠥᠩᠭᠦᠨ ᠭᠦᠶᠯᠭᠡᠭᠡᠨ ᠤ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠨᠤᠲᠤᠭ᠂ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠭᠤᠤᠯᠯᠠᠨ ᠬᠠᠮᠢᠶᠠᠷᠤᠯᠲᠠ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠥᠪᠡᠷ ᠢ ᠪᠠᠨ ᠠᠪᠤᠷᠬᠠᠸ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠺᠠᠳ᠋ᠷᠴᠤᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠠᠶᠤᠯ ᠲᠦᠭᠰᠢᠭᠦᠷᠢ ᠶᠢ ᠠᠷᠢᠯᠭᠠᠬᠤ ᠳᠤ ᠭᠦᠢᠴᠡᠳ ᠡᠬᠢ ᠪᠠᠶᠠᠯᠢᠭ ᠲᠠᠢ ᠪᠠᠶᠢᠵᠤ᠂ ᠠᠶᠤᠯ ᠲᠦᠭᠰᠢᠭᠦᠷᠢ ᠶᠢ ᠠᠷᠢᠯᠭᠠᠬᠤ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠬᠤ ᠳᠠᠭᠠᠨ ᠥᠷᠭᠡᠨ ᠢᠶᠠᠷ ᠬᠠᠮᠵᠢᠯᠴᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃      ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠯᠠᠭᠤᠯᠬᠤ ᠶᠢ ᠵᠥᠪ ᠲᠠᠨᠢᠵᠤ ᠡᠵᠡᠮᠰᠢᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠮᠥᠨ᠂ ᠭᠤᠶᠢᠪᠢᠰᠢ ᠦᠭᠡᠢ ᠠᠬᠢᠭᠤᠯᠬᠤ ᠭᠡᠷᠡᠭᠳᠠᠢ᠂ ᠭᠡᠪᠡᠴᠦ ᠨᠢᠭᠡ ᠯᠡ ᠳᠡᠭᠡᠷ᠎ᠡ ᠪᠦᠲᠦᠭᠡᠵᠦ ᠳᠡᠶᠢᠯᠬᠦ ᠦᠭᠡᠢ ᠶᠤᠮ᠃ ᠪᠦᠬᠦ ᠤᠯᠤᠰ ᠢᠶᠠᠷ ᠢᠶᠠᠨ ᠨᠢᠭᠡᠳᠦᠯᠲᠡᠢ ᠲᠥᠯᠥᠪᠵᠢᠭᠦᠯᠬᠦ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ᠂ ᠳᠣᠲᠣᠭᠠᠳᠤ ᠭᠠᠳᠠᠭᠠᠳᠤ ᠶᠢ ᠰᠢᠯᠤᠭᠤᠳᠬᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠠᠷᠴᠢᠮ ᠢ ᠪᠠᠷᠢᠮᠲᠠᠯᠠᠬᠤ ᠬᠡᠷᠡᠭᠲᠡᠢ᠃ ᠤᠯᠠᠮᠵᠢᠯᠠᠯᠲᠤ ᠡᠨᠧᠷᠭᠢ ᠶᠢᠨ ᠠᠯᠬᠤᠮ ᠠᠯᠬᠤᠮ ᠢᠶᠠᠷ ᠤᠬᠤᠷᠢᠨ ᠭᠠᠷᠬᠤ ᠶᠢ ᠰᠢᠨ᠎ᠡ ᠡᠨᠧᠷᠭᠢ ᠪᠠᠷ ᠠᠮᠤᠷ ᠲᠦᠪᠰᠢᠨ ᠨᠠᠶᠢᠳᠠᠪᠤᠷᠢᠲᠠᠶ ᠣᠷᠣᠯᠠᠬᠤ ᠰᠠᠭᠤᠷᠢᠨ ᠳᠡᠭᠡᠷ᠎ᠡ ᠶᠠᠪᠤᠬᠳᠠᠭᠤᠯᠬᠤ ᠬᠡᠷᠡᠭᠲᠡᠶ᠃ ᠨᠡᠭᠦᠷᠡᠰᠦ ᠪᠠᠷ ᠭᠤᠣᠯ ᠪᠣᠯᠭᠠᠭᠰᠠᠨ ᠤᠯᠤᠰ ᠤᠨ ᠦᠨᠳᠦᠰᠦᠨ ᠪᠠᠶᠢᠳᠠᠯ ᠳᠤ ᠰᠠᠭᠤᠷᠢᠯᠠᠨ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠰᠠᠶᠢᠲᠤᠷ ᠠᠳᠬᠤᠵᠤ᠂ ᠰᠢᠨ᠎ᠡ ᠡᠨᠧᠷᠭᠢ ᠶᠢ ᠰᠢᠩᠭᠡᠭᠡᠬᠦ ᠴᠢᠳᠠᠪᠤᠷᠢ ᠶᠢ ᠨᠡᠮᠡᠭᠳᠡᠭᠦᠯᠦᠨ᠂ ᠨᠡᠭᠦᠷᠡᠰᠦ ᠪᠠ ᠰᠢᠨ᠎ᠡ ᠡᠨᠧᠷᠭᠢ ᠶᠢ ᠰᠢᠯᠢᠳᠡᠭᠵᠢᠭᠦᠯᠦᠨ ᠨᠡᠶᠢᠯᠡᠭᠦᠯᠬᠦ ᠶᠢ ᠠᠬᠢᠭᠤᠯᠬᠤ ᠬᠡᠷᠡᠭᠲᠡᠢ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠦ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠴᠢᠩᠭ᠎ᠠ ᠠᠳᠬᠤᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ᠂ ᠰᠢᠨ᠎ᠡ ᠪᠠᠷ ᠨᠡᠮᠡᠭᠳᠡᠬᠦ ᠳᠠᠬᠢᠯᠲᠠ ᠡᠨᠧᠷᠭᠢ ᠪᠣᠯᠤᠨ ᠲᠦᠭᠦᠬᠡᠢ ᠮᠠᠲ᠋ᠧᠷᠢᠶᠠᠯ ᠤᠨ ᠬᠡᠷᠡᠭᠯᠡᠯᠲᠡ ᠶᠢᠨ ᠡᠨᠧᠷᠭᠢ ᠶᠢ ᠡᠨᠧᠷᠬᠢ ᠶᠢᠨ ᠭᠡᠷᠡᠭᠯᠡᠬᠡᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠲᠤᠳᠤᠷ᠎ᠠ ᠣᠷᠣᠭᠤᠯᠵᠤ ᠪᠤᠯᠬᠤ ᠦᠭᠡᠢ᠂ ᠨᠥᠬᠦᠴᠡᠯ ᠪᠦᠷᠢᠯᠳᠦᠭᠦᠯᠵᠦ ᠪᠠᠶᠢᠭᠠᠳ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠶᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠪᠣᠯᠤᠨ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾ ᠲᠡᠶᠢᠰᠢ ᠬᠤᠪᠢᠷᠠᠭᠤᠯᠬᠤ ᠶᠢ ᠡᠷᠲᠡᠬᠡᠨ ᠪᠡᠶᠡᠯᠡᠭᠦᠯᠵᠦ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭ᠎ᠠ ᠭᠠᠳᠠᠬᠰᠢᠯᠠᠭᠤᠯᠬᠤ ᠶᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠦᠷᠭᠡᠪᠴᠢᠯᠡᠨ ᠪᠤᠢ ᠪᠣᠯᠭᠠᠵᠤ᠂ ᠳᠥᠭᠦᠮᠬᠡᠨ ᠢᠶᠠᠷ ᠱᠠᠳᠤ ᠱᠠᠳᠤ ᠪᠠᠷ ᠵᠠᠳᠠᠯᠬᠤ ᠶᠢ ᠰᠡᠷᠭᠡᠶᠢᠯᠡᠬᠦ ᠬᠡᠷᠡᠭᠲᠡᠢ᠃ ᠡᠨᠧᠷᠭᠢ ᠶᠢᠨ ᠬᠠᠩᠭᠠᠯᠭ᠎ᠠ ᠶᠢ ᠦᠨᠡᠨ ᠬᠦ ᠪᠠᠲᠤᠯᠠᠵᠤ᠂ ᠲᠤᠮᠤ ᠠᠵᠤ ᠠᠬᠤᠶᠢᠯᠠᠯ ᠢᠯᠠᠩᠭᠤᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠦᠷᠦᠭᠦᠯᠡᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠬᠡᠷᠡᠭᠲᠡᠢ᠃ ᠡᠨᠧᠷᠭᠢ ᠶᠢᠨ ᠬᠤᠪᠢᠰᠬᠠᠯ ᠢ ᠭᠦᠨᠵᠡᠭᠡᠢ ᠠᠬᠢᠭᠤᠯᠵᠤ᠂ ᠡᠨᠧᠷᠭᠢ ᠶᠢᠨ ᠬᠦᠴᠦᠷᠬᠡᠭ ᠤᠯᠤᠰ ᠢ ᠲᠦᠷᠭᠡᠳᠭᠡᠨ ᠪᠦᠳᠦᠬᠡᠨ ᠪᠠᠶᠢᠭᠤᠯᠬᠤ ᠬᠡᠷᠡᠭᠲᠡᠢ᠃      ᠬᠤᠷᠠᠯ ᠠᠴᠠ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢᠯᠠᠩᠭᠤᠶ᠎ᠠ ᠠᠵᠢᠯ ᠣᠯᠭᠤᠯᠲᠠ ᠶᠢ ᠪᠠᠲᠤᠯᠠᠬᠤ ᠠᠷᠠᠳ ᠤᠨ ᠠᠮᠢᠳᠤᠷᠠᠯ ᠢ ᠪᠠᠲᠤᠯᠠᠬᠤ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠳᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠶ ᠶᠢᠨ ᠡᠷᠭᠢᠯᠲᠡ ᠶᠢ ᠵᠦᠶ ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠪᠠᠲᠤᠯᠠᠬᠤ ᠲᠣᠭᠤᠷᠢᠨ ᠳᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠦᠶᠡᠯᠡᠯ ᠠᠯᠤᠰᠯᠠᠨ ᠲᠣᠬᠢᠷᠠᠭᠤᠯᠬᠤ ᠡᠷᠴᠢᠮ ᠢ ᠴᠢᠩᠭᠠᠷᠠᠭᠤᠯᠵᠤ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠤᠷᠢᠳᠠᠴᠢ ᠴᠢᠨᠠᠷ ᠬᠠᠨᠳᠤᠯᠭᠠᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠬᠡᠳᠦᠨ ᠳ᠋ᠦᠩᠰᠢᠭᠤᠷ ᠬᠥᠮᠦᠨ ᠤ ᠠᠵᠢᠯ ᠣᠯᠵᠤ ᠦᠶᠯᠡᠰ ᠪᠤᠰᠬᠠᠬᠤ ᠶᠢ ᠠᠴᠢᠶᠠᠯᠠᠵᠤ ᠪᠠᠶᠢᠨ᠎ᠠ᠃ ᠦᠷᠭᠦᠯᠵᠢᠯᠡᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠨᠳᠤᠭᠤᠯᠤᠨ ᠰᠢᠨ᠎ᠡ ᠪᠠᠷ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠶᠢ ᠬᠡᠷᠡᠭᠵᠢᠭᠦᠯᠵᠦ᠂ ᠲᠡᠳᠡᠨ ᠢ ᠬᠠᠪᠰᠤᠷᠤᠨ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠳᠠᠷᠤᠭᠠᠰᠤ ᠶᠢ ᠨᠢ ᠬᠥᠩᠭᠡᠷᠡᠭᠦᠯᠦᠨ ᠬᠦᠴᠢᠷᠳᠡᠯ ᠢ  ᠨᠢ ᠰᠢᠢᠳᠪᠦᠷᠢᠯᠡᠵᠦ᠂ ᠬᠥᠭᠵᠢᠯᠲᠡ ᠶᠢ ᠨᠢ ᠰᠡᠷᠭᠦᠭᠡᠬᠦ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠶᠢᠨ ᠪᠡᠯᠡ ᠬᠤᠷᠠᠮᠳᠤᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠬᠡᠮᠵᠢᠶ᠎ᠡ ᠶᠢ ᠨᠡᠮᠡᠭᠳᠡᠭᠦᠯᠬᠦ᠂ ᠬᠡᠪᠴᠢᠶ᠎ᠠ ᠶᠢ ᠥᠷᠭᠡᠳᠭᠡᠬᠦ᠂ ᠦᠨ᠎ᠡ ᠶᠢ ᠪᠠᠭᠤᠷᠠᠭᠤᠯᠬᠤ ᠶᠢ ᠠᠬᠢᠭᠤᠯᠬᠤ ᠭᠡᠷᠡᠭᠳᠠᠢ᠃ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠰᠠᠶᠢᠲᠤᠷ ᠠᠳᠬᠤᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠭᠡᠷᠡᠭᠳᠠᠢ᠃ ᠡᠳ᠋ ᠤᠨ ᠬᠦᠴᠦᠨ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠦᠨᠳᠤᠰᠤᠨ ᠠᠷᠠᠳ  ᠤᠨ ᠠᠮᠢᠳᠤᠷᠠᠯ ᠢ ᠪᠠᠳᠤᠯᠠᠬᠤ ᠴᠠᠯᠢᠩ ᠤᠯᠭᠤᠮᠵᠢ ᠶᠢ ᠪᠠᠳᠤᠯᠠᠬᠤ ᠡᠷᠬᠢᠯᠳᠠ ᠶᠢ ᠪᠠᠳᠤᠯᠠᠬᠤ ᠶᠢ ᠨᠠᠩ ᠰᠠᠶᠢᠲᠤᠷ ᠳᠡᠮᠵᠢᠬᠦ ᠭᠡᠷᠡᠭᠳᠠᠢ᠃ ᠨᠡᠭᠦᠷᠡᠰᠦ ᠴᠠᠬᠢᠯᠭᠠᠨ ᠲᠤᠰᠤ ᠬᠡᠢ ᠲᠡᠭᠡᠭᠡᠪᠦᠷᠢ ᠵᠡᠷᠭᠡ ᠶᠢᠨ ᠲᠤᠬᠢᠷᠠᠭᠤᠯᠤᠯᠳᠠ ᠶᠢ ᠴᠢᠩᠭᠠᠳᠬᠠᠵᠤ᠂ ᠴᠠᠬᠢᠯᠭᠠᠨ ᠬᠦᠴᠦᠨ ᠤ ᠭᠦᠢᠴᠡᠳ ᠬᠠᠩᠭᠠᠯᠭ᠎ᠠ ᠶᠢ ᠠᠬᠢᠭᠤᠯᠬᠤ ᠭᠡᠷᠡᠭᠳᠠᠢ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠨᠡᠩ ᠶᠡᠭᠡ ᠪᠠᠷ ᠬᠥᠭᠵᠢᠭᠡᠵᠦ᠂ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠠᠰᠢᠭᠯᠠᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠬᠡᠷᠡᠭᠲᠡᠢ᠃ ᠤᠯᠠᠨ ᠲᠦᠷᠦᠯ ᠤᠨ ᠥᠮᠴᠢᠯᠡᠯ ᠤᠨ ᠠᠵᠤ ᠠᠬᠤᠢ ᠶᠢᠨ ᠬᠠᠮᠲᠤ ᠪᠠᠷ ᠬᠥᠭᠵᠢᠬᠦ ᠶᠢ ᠠᠬᠢᠭᠤᠯᠵᠤ᠂ ᠠᠷᠠᠳ ᠤᠨ ᠡᠵᠡᠩᠨᠡᠯᠳᠠ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠥᠮᠴᠢᠯᠡᠯ ᠤᠨ ᠡᠷᠬᠡ ᠪᠠ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠲᠦᠷᠦ ᠶᠢᠨ ᠪᠤᠳᠤᠯᠭ᠎ᠠ ᠶᠢᠨ ᠲᠠᠯ᠎ᠡ ᠪᠠᠷ ᠨᠢᠭᠡ ᠯᠡ ᠠᠳᠠᠯᠢ ᠪᠠᠷ ᠬᠠᠨᠳᠤᠵᠤ᠂ ᠡᠷᠬᠡ ᠲᠡᠭᠰᠢ ᠪᠠᠷ ᠬᠠᠨᠳᠤᠬᠤ ᠬᠡᠷᠡᠭᠲᠡᠢ᠃ ᠥᠨᠳᠥᠷ ᠲᠦᠪᠰᠢᠨ ᠪᠥᠬᠦᠶ ᠨᠡᠭᠡᠭᠡᠯᠲᠡ ᠶᠢ ᠥᠷᠭᠡᠳᠭᠡᠵᠦ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠵᠤ ᠂ ᠭᠠᠳᠠᠭᠠᠳᠤ ᠪᠠᠯᠠ ᠶᠢ ᠲᠠᠲᠠᠬᠤ ᠡᠷᠴᠢᠮ ᠢᠶᠠᠨ ᠴᠢᠩᠭᠠᠷᠠᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠵᠤ᠂ ᠪᠠᠰᠠ ᠡᠷᠬᠡᠪᠰᠢ ᠲᠡᠦᠬᠡ ᠶᠢᠨ ᠮᠡᠳᠡᠯᠭᠡ ᠶᠢ ᠰᠤᠷᠤᠯᠴᠠᠵᠤ᠂ ᠰᠣᠶᠣᠯ ᠤᠨ ᠠᠭᠤᠯᠤᠭᠳᠠᠬᠤᠨ ᠢ ᠵᠤᠵᠠᠭᠠᠳᠬᠠᠨ᠂ ᠠᠮᠢ ᠠᠬᠤᠶ ᠶᠢᠨ ᠦᠵᠡᠯᠲᠡ ᠶᠢ ᠴᠢᠩᠭᠠᠳᠬᠠᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠵᠦ᠂ ᠨᠠᠮ ᠤᠨ ᠲᠥᠯᠥᠭᠡ ᠰᠠᠨᠠᠭᠠᠰᠢᠷᠠᠬᠤ᠂ ᠤᠯᠤᠰ ᠤᠨ ᠲᠥᠯᠥᠭᠡ ᠬᠠᠷᠢᠭᠤᠴᠠᠯᠭ᠎ᠠ ᠪᠠᠨ ᠭᠦᠶᠴᠡᠳᠭᠡᠬᠦ᠂ ᠠᠷᠠᠳ ᠤᠨ ᠲᠥᠯᠥᠭᠡ ᠬᠤᠪᠢ ᠨᠡᠮᠡᠷᠢ ᠦᠵᠡᠭᠦᠯᠬᠦ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠬᠦ ᠬᠡᠷᠡᠭᠲᠡᠶ ᠬᠡᠵᠤ ᠱᠠᠭᠠᠷᠳᠠᠪᠠ᠃      ᠬᠤᠷᠠᠯ ᠠᠴᠠ᠂ ᠠᠵᠤ ᠠᠬᠤᠢ ᠶᠢᠨ ᠠᠵᠢᠯ ᠢ ᠤᠳᠤᠷᠢᠳᠬᠤ ᠳᠤ ᠡᠷᠬᠡᠪᠰᠢ ᠪᠤᠰᠤᠳᠴᠢ ᠪᠣᠳᠠᠲᠤ ᠪᠠᠶᠢᠳᠠᠯ ᠪᠣᠯᠤᠨ ᠤᠯᠠᠨ ᠲᠦᠮᠡᠨ ᠤ ᠬᠡᠷᠡᠭᠴᠡᠭᠡ ᠶᠢ ᠬᠦᠨᠳᠦᠳᠭᠡᠵᠦ᠂ ᠡᠷᠬᠡᠪᠰᠢ ᠰᠢᠰᠲ᠋ᠧᠮᠳᠦ ᠰᠡᠳᠭᠢᠬᠦᠢ ᠲᠠᠢ ᠪᠠᠶᠢᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠭᠡᠷᠡᠭᠲᠡᠢ᠃ ᠤᠳᠤᠷᠢᠳᠬᠤ ᠺᠠᠳ᠋ᠷᠴᠤᠳ ᠠᠵᠤ ᠠᠬᠤᠢ ᠶᠢᠨ ᠠᠵᠢᠯ ᠢ ᠤᠳᠤᠷᠢᠳᠬᠤ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠤᠯᠤᠰ ᠲᠦᠷᠦ ᠪᠠ ᠠᠵᠤ ᠠᠬᠤᠢ᠂ ᠪᠣᠳᠠᠲᠤ ᠠᠬᠤᠢ ᠪᠠ ᠲᠡᠦᠬᠡ᠂ ᠪᠣᠳᠠᠰ ᠪᠠ ᠰᠣᠶᠣᠯ᠂ ᠬᠥᠭᠵᠢᠯᠲᠡ ᠪᠠ ᠠᠷᠠᠳ ᠤᠨ ᠠᠮᠢᠳᠤᠷᠠᠯ᠂ ᠡᠬᠢ ᠪᠠᠶᠠᠯᠢᠭ ᠪᠠ ᠠᠮᠢ ᠠᠬᠤᠢ᠂ ᠤᠯᠤᠰ ᠤᠨ ᠳᠣᠲᠣᠭᠠᠳᠤ ᠪᠠ ᠳᠡᠯᠡᠬᠡᠢ ᠶᠢᠨ ᠵᠡᠷᠭᠡ ᠤᠯᠠᠨ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠡᠬᠤ ᠭᠡᠷᠡᠭᠲᠡᠢ᠃ ᠤᠳᠤᠷᠢᠳᠬᠤ ᠺᠠᠳ᠋ᠷᠴᠤᠳ ᠠᠵᠤ ᠠᠬᠤᠢ ᠶᠢᠨ ᠤᠬᠠᠭᠠᠨ ᠤ ᠮᠡᠳᠡᠯᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠢᠯᠠᠩᠭᠤᠶ᠎ᠠ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠡᠪᠲᠡᠷᠬᠡᠢ ᠣᠶᠢᠯᠠᠭᠠᠵᠤ᠂ ᠵᠥᠪ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢ ᠪᠠᠷᠢᠮᠲᠠᠯᠠᠵᠤ᠂ ᠲᠡᠦᠬᠡ ᠶᠢ ᠬᠦᠨᠳᠦᠳᠭᠡᠵᠦ᠂ ᠰᠣᠶᠣᠯ ᠢ ᠬᠦᠨᠳᠦᠳᠭᠡᠵᠦ᠂ ᠠᠮᠢ ᠠᠬᠤᠢ ᠶᠢ ᠬᠦᠨᠳᠦᠳᠭᠡᠵᠦ᠂ ᠪᠣᠯᠭᠤᠮᠵᠢᠲᠠᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠵᠤ᠂ ᠪᠣᠯᠭᠤᠮᠵᠢᠲᠠᠢ ᠪᠠᠷ ᠡᠷᠬᠡ ᠪᠠᠨ ᠬᠡᠷᠡᠭᠯᠡᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ︽ᠭᠤᠷᠪᠠᠨ ᠴᠢᠩᠭ᠎ᠠ ᠭᠤᠷᠪᠠᠨ ᠪᠣᠳᠠᠲᠠᠢ︾ ᠶᠢ ᠪᠠᠷᠢᠮᠲᠠᠯᠠᠵᠤ᠂ ᠳᠥᠭᠦᠮᠴᠢᠯᠡᠬᠦ᠂ ᠳᠤᠷ᠎ᠠ ᠪᠠᠷ ᠢᠶᠠᠨ ᠦᠢᠯᠡᠳᠬᠦ ᠶᠢ ᠡᠷᠡᠰ ᠰᠡᠷᠭᠡᠶᠢᠯᠡᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠦᠯᠦ ᠬᠢᠬᠦ ᠶᠢ ᠡᠷᠡᠰ ᠡᠰᠡᠷᠭᠦᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠣᠨᠣᠴᠠᠲᠠᠢ ᠪᠠᠷ ᠰᠠᠶᠢᠲᠤᠷ ᠬᠢᠬᠦ ᠬᠡᠷᠡᠭᠲᠡᠢ᠃ ᠨᠡᠭᠦᠷᠡᠰᠦ ᠴᠠᠬᠢᠯᠭᠠᠨ ᠲᠤᠰᠤ ᠬᠡᠢ ᠵᠦᠭᠡᠭᠡᠪᠦᠷᠢ ᠶᠢᠨ ᠪᠠᠲᠤᠯᠠᠭ᠎ᠠ ᠬᠠᠩᠭᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠤᠬᠢᠷᠠᠭᠤᠯᠬᠤ ᠬᠡᠷᠡᠭᠲᠡᠢ᠃ ᠠᠮᠤ ᠪᠤᠳᠠᠭ᠎ᠠ ᠲᠣᠰᠣ ᠮᠢᠬ᠎ᠠ ᠥᠨᠳᠡᠭᠡ ᠰᠦ ᠵᠢᠮᠢᠰ ᠢᠳᠡᠰᠢᠨ ᠨᠣᠭᠤᠭ᠎ᠠ ᠵᠡᠷᠭᠡ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠶᠢ ᠰᠠᠶᠢᠲᠤᠷ ᠬᠢᠬᠦ ᠭᠡᠷᠡᠭᠲᠡᠢ᠃ ᠬᠥᠯᠥᠰᠥᠨ ᠲᠠᠷᠢᠶᠠᠴᠢᠨ ᠤ ᠴᠠᠯᠢᠩ ᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠪᠠ ᠤᠯᠠᠨ ᠨᠡᠶᠢᠲᠡ ᠶᠢᠨ ᠠᠮᠤᠷ ᠲᠦᠪᠰᠢᠨ ᠢ ᠴᠢᠩᠭᠠᠳᠬᠠᠬᠤ ᠭᠡᠷᠡᠭᠲᠡᠢ᠃ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠲᠣᠪᠴᠢ ᠠᠪᠰᠠᠷᠬᠠᠨ᠂ ᠠᠮᠤᠷ ᠲᠦᠪᠰᠢᠨ᠂ ᠭᠤᠶᠢᠳᠠ ᠰᠠᠶᠢᠬᠠᠨ ᠣᠯᠢᠮᠫᠢᠺ ᠤᠨ ᠦᠪᠡᠳᠡᠭᠰᠢ ᠴᠤᠭᠯᠠᠭᠠᠨ ᠪᠣᠯᠭᠠᠨ ᠡᠷᠬᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠬᠦ ᠨᠠᠮ ᠤᠨ ᠨᠥᠬᠦᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠰᠤᠭᠠᠢ ᠭᠡᠵᠦ ᠤᠷᠢᠶᠠᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃      ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠲᠤᠰᠠᠭᠠᠷ ᠲᠥᠯᠥᠪᠯᠡᠭᠡᠲᠦ ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠥᠪᠤᠷ ᠮᠤᠩᠭᠤᠯ ᠤᠨ ᠵᠠᠰᠠᠭ ᠤᠨ ᠤᠷᠳᠣᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号