ᠠᠩᠬᠠᠷ︕ ᠡᠳᠡᠭᠡᠷ ᠲᠤᠰᠬᠠᠶ ᠮᠡᠷᠭᠡᠵᠢᠯ ᠬᠠᠯᠠᠮᠰᠢᠯ ᠪᠤᠯᠵᠦ ᠪᠠᠶᠢᠨ᠎ᠠ
ᠨᠡᠶᠢᠲᠡᠯᠡᠭᠰᠡᠨ ᠴᠠᠭ᠄
2021/12/27
    ᠣᠶᠢᠷ᠎ᠠ ᠳᠤ ᠨᠡᠶᠢᠲᠡᠯᠡᠭᠰᠡᠨ ︽ᠠᠮᠢᠳᠤᠷᠠᠯ ᠤᠨ ᠴᠢᠨᠠᠷᠲᠠᠶ ᠦᠢᠯᠡᠴᠢᠯᠡᠬᠡᠨ ᠤ ᠦᠢᠯᠡᠰ ᠤᠨ ᠳᠣᠳᠠᠭᠤ ᠶᠢ ᠨᠥᠬᠦᠪᠥᠷᠢᠯᠡᠵᠦ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠤᠬᠠᠶ ᠰᠠᠨᠠᠯ ᠤᠳ︾᠎ ᠲᠤ ᠨᠠᠰᠤᠵᠢᠯ ᠤᠨ ᠠᠰᠠᠷᠠᠮᠵᠢ᠂ ᠨᠢᠯᠬᠠᠰ ᠤᠨ ᠬᠥᠮᠦᠵᠢᠯ᠂ ᠬᠡᠷ ᠤᠨ ᠶᠠᠪᠤᠳᠠᠯ ᠵᠡᠷᠭᠡ ᠬᠤᠯᠪᠣᠭᠳᠠᠯ ᠪᠥᠬᠦᠶ ᠲᠤᠰᠬᠠᠶ ᠮᠡᠷᠭᠡᠵᠢᠯ ᠳᠤ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠦᠵᠢᠭᠦᠯᠬᠦ ᠪᠠᠨ ᠲᠦᠷᠭᠡᠳᠬᠡᠨ᠎ᠡ ᠭᠡᠵᠤ ᠳᠤᠷᠠᠳᠤᠭᠰᠠᠨ ᠪᠠᠶᠢᠨ᠎ᠠ᠃ ᠪᠠᠰᠠ ᠪᠦᠷᠢᠨ ᠮᠡᠷᠬᠡᠵᠢᠯ ᠤᠨ ᠠᠩᠭᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠰᠤᠪᠢᠯᠠᠬᠤ᠂ ᠡᠷᠡᠭᠦᠯᠵᠢᠭᠦᠯᠬᠦ᠂ ᠬᠡᠷ ᠤᠨ ᠶᠠᠪᠤᠳᠠᠯ᠂ ᠬᠡᠤᠬᠡᠳ ᠬᠥᠮᠦᠵᠢᠭᠦᠯᠬᠦ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠰᠤᠷᠤᠯᠭ᠎ᠠ ᠶᠢᠨ ᠨᠠᠮᠲᠠᠷ ᠢ ᠳᠡᠭᠡᠭᠰᠢᠯᠡᠭᠦᠯᠬᠦ ᠪᠠᠷ ᠳᠡᠮᠵᠢᠨ᠂ 2025 ᠣᠨ ᠪᠣᠯᠬᠤ ᠳᠤ᠂ ᠪᠥᠬᠦ ᠤᠯᠤᠰ ᠤᠨ ᠰᠤᠪᠢᠯᠠᠯᠲᠠ᠂ ᠡᠷᠡᠭᠦᠯᠵᠢᠯ᠂ ᠬᠡᠷ ᠤᠨ ᠶᠠᠪᠤᠳᠠᠯ᠂ ᠬᠡᠤᠬᠡᠳ ᠬᠥᠮᠦᠵᠢᠭᠦᠯᠬᠦ ᠵᠡᠷᠭᠡ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠪᠦᠷᠢᠨ ᠮᠡᠷᠬᠡᠵᠢᠯ ᠤᠨ ᠠᠩᠭᠢ ᠳᠤ ᠪᠠᠶᠢᠭ᠎ᠠ ᠰᠣᠷᠣᠭᠴᠢ ᠶᠢ 2020 ᠣᠨ ᠤ ᠬᠢ ᠠᠴᠠ 10 ᠲᠦᠮᠡ ᠨᠡᠮᠡᠭᠳᠡᠭᠦᠯᠬᠦ ᠪᠠᠷ ᠪᠣᠯᠵᠠᠢ᠃ ᠡᠭᠦᠨ ᠠᠴᠠ ᠭᠠᠳᠠᠨ᠎ᠠ ᠶᠡᠭᠡ ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ᠂ ᠠᠮᠢᠳᠤᠷᠠᠯ ᠤᠨ ᠦᠢᠯᠡᠴᠢᠯᠡᠭᠡᠨ ᠤ ᠤᠷ᠎ᠠ ᠴᠢᠳᠠᠪᠤᠷᠢ ᠶᠢ ᠴᠢᠩᠭᠠᠳᠬᠠᠵᠤ᠂ ᠬᠥᠳᠡᠭᠡ ᠲᠣᠰᠬᠤᠨ ᠠᠴᠠ ᠬᠤᠲᠠ ᠳᠤ ᠰᠢᠯᠵᠢᠵᠦ ᠠᠵᠢᠯ ᠣᠯᠤᠭᠰᠠᠨ ᠬᠥᠳᠡᠯᠮᠦᠷᠢ ᠬᠦᠴᠦᠨ᠂ ᠠᠵᠢᠯ ᠠᠯᠳᠠᠭᠰᠠᠨ ᠬᠥᠮᠦᠰ ᠪᠠ ᠠᠵᠢᠯ ᠤᠨ ᠪᠠᠶᠢᠷᠢ ᠰᠢᠯᠵᠢᠭᠰᠡᠨ ᠠᠵᠢᠯᠳᠠᠨ ᠠᠵᠢᠯᠴᠢᠨ᠂ ᠵᠡᠮᠳᠡᠭᠴᠦᠳ ᠵᠡᠷᠭᠡ ᠭᠤᠣᠯᠳᠠᠯᠭ᠎ᠠ ᠲᠠᠢ ᠬᠦᠮᠦᠰ ᠤᠨ ᠪᠣᠯᠪᠠᠰᠤᠷᠠᠯ ᠤᠨ ᠨᠥᠬᠦᠪᠥᠷᠢ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠥᠬᠦᠴᠡᠯ ᠳᠤ ᠨᠡᠶᠢᠴᠡᠭᠰᠡᠨ ᠬᠥᠮᠦᠰ ᠲᠤ ᠠᠮᠢᠳᠤᠷᠠᠯ ᠤᠨ ᠵᠠᠷᠤᠳᠠᠯ ᠤᠨ ᠨᠥᠬᠦᠪᠥᠷᠢ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠬᠥᠮᠦᠨ ᠠᠮᠠ ᠣᠯᠠᠨᠲᠠᠶ ᠮᠤᠵᠢ᠂ ᠬᠤᠲᠠ᠂ ᠰᠢᠶᠠᠨ ᠳᠤ ᠨᠢᠭᠡ ᠪᠦᠯᠦᠭ ᠬᠥᠳᠡᠯᠮᠦᠷᠢ ᠬᠦᠴᠦᠨ ᠤ ᠪᠣᠯᠪᠠᠰᠤᠷᠠᠯ ᠤᠨ ᠥᠨᠳᠥᠷ ᠲᠦᠪᠰᠢᠨ ᠲᠠᠢ ᠰᠠᠭᠤᠷᠢᠨ ᠭᠠᠵᠠᠷ ᠢ ᠪᠠᠶᠢᠭᠤᠯᠬᠤ ᠶᠤᠮ ᠪᠠᠶᠢᠨ᠎ᠠ᠃
 
ᠢᠷᠡᠯᠲᠡ᠄ ᠳᠣᠮᠳᠠᠳᠣ ᠣᠯᠣᠰ ᠤᠨ ᠮᠤᠩᠭᠤᠯ ᠷᠠᠳᠢᠣ᠋ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号