ᠮᠠᠨ ᠤ ᠬᠤᠰᠢᠭᠤᠨ ᠤ ᠷᠠᠰᠢᠶᠠᠨᠪᠤᠯᠠᠭ ᠭᠠᠴᠠᠭᠠᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠠᠴᠠ ᠰᠤᠷᠭᠠᠭᠤᠯᠢ ᠳᠤ ᠪᠠᠶᠢᠭ᠎ᠠ ᠤᠶᠤᠲᠠᠳ ᠪᠣᠯᠤᠨ ᠥᠨᠳᠥᠷ ᠳᠤᠮᠳᠠᠳᠤ ᠶᠢᠨ ᠰᠤᠷᠤᠭᠴᠢᠳ ᠲᠤ ᠲᠤᠰᠠᠯᠠᠮᠵᠢ ᠶᠢᠨ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2021/3/2
         ᠮᠠᠨ ᠤ ᠬᠤᠰᠢᠭᠤᠨ ᠤ ᠪᠠᠶ᠋ᠬᠠᠠᠭᠤᠯᠠ ᠰᠣᠮᠣᠨ ᠤ ᠷᠠᠰᠢᠶᠠᠨᠪᠤᠯᠠᠭ ᠭᠠᠴᠠᠭᠠᠨ ᠤ ᠬᠤᠶᠢᠴᠢ ᠥᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠨᠢ ᠭᠠᠴᠠᠭᠠᠨ ᠤ ᠵᠠᠯᠠᠭᠤᠴᠤᠳ ᠪᠠᠭᠠᠴᠤᠳ ᠤᠨ ᠰᠤᠷᠤᠯᠭ᠎ᠠ᠂ ᠠᠮᠢᠳᠤᠷᠠᠯ ᠪᠠ ᠦᠰᠦᠨ ᠪᠤᠶᠢᠵᠢᠯᠲᠠ ᠶᠢ ᠢᠮᠠᠭᠲᠠ ᠬᠠᠪᠰᠣᠷᠣᠨ ᠬᠠᠯᠠᠮᠵᠢᠯᠠᠵᠤ᠂ 2007 ᠣᠨ ᠠᠴᠠ ᠨᠠᠰᠢ ᠨᠢᠭᠡᠨᠲᠡ 679 ᠰᠣᠷᠣᠭᠴᠢ ᠶᠢ ᠲᠤᠰᠠᠯᠠᠵᠤ᠂ ᠨᠡᠶᠢᠲᠡ 50 ᠭᠠᠷᠤᠶ ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠣᠷᠣᠭᠤᠯᠵᠤ ᠂ ᠭᠠᠴᠠᠭᠠᠨ ᠤ ᠰᠤᠷᠭᠠᠭᠤᠯᠢ ᠳᠤ ᠪᠠᠶᠢᠭ᠎ᠠ ᠣᠶᠤᠲᠠᠨ 2007 ᠣᠨ ᠤ 4 ᠬᠥᠮᠦᠨ ᠠᠴᠠ ᠣᠲᠣ ᠪᠣᠯᠲᠠᠯ᠎ᠠ 38 ᠬᠥᠮᠦᠨ ᠪᠤᠯᠤᠨ ᠨᠡᠮᠡᠭᠳᠡᠭᠰᠡᠨ ᠪᠠᠶᠢᠨ᠎ᠠ᠃ ᠣᠳᠣᠬᠠᠨ ᠳᠤ᠂ ᠲᠣᠰ ᠭᠠᠴᠠᠭᠠᠨ ᠤ ᠬᠤᠶᠢᠴᠢ ᠥᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ 2020 ᠣᠨ ᠤ ᠰᠤᠷᠤᠭᠴᠢᠳ ᠢ ᠵᠤᠷᠢᠭᠵᠢᠭᠤᠯᠤᠨ ᠳᠣᠰᠠᠯᠠᠮᠵᠢ ᠶᠢᠨ ᠮᠥᠩᠬᠦ ᠲᠠᠷᠬᠠᠭᠠᠬᠤ ᠶᠣᠰᠣᠯᠠᠯ ᠶᠠᠪᠤᠭᠤᠯᠵᠤ᠂ ᠰᠤᠷᠭᠠᠭᠤᠯᠢ ᠳᠤ ᠪᠠᠶᠢᠭ᠎ᠠ 38 ᠣᠶᠤᠲᠠᠨ ᠳᠤ ᠬᠥᠮᠦᠨ ᠪᠦᠷᠢ ᠳᠤ 1000 ᠲᠥᠭᠦᠷᠢᠭ᠂ ᠰᠤᠷᠭᠠᠭᠤᠯᠢ ᠳᠤ ᠪᠠᠶᠢᠭ᠎ᠠ 15 ᠰᠣᠷᠣᠭᠴᠢ ᠳᠤ ᠬᠥᠮᠦᠨ ᠪᠦᠷᠢ ᠳᠤ 800 ᠲᠥᠭᠦᠷᠢᠭ᠂ ᠨᠡᠶᠢᠲᠡ 5 ᠲᠦᠮᠡᠨ ᠲᠥᠭᠦᠷᠢᠭ ᠳᠠᠷᠬᠠᠭᠠᠭᠰᠠᠨ ᠪᠠᠶᠢᠨ᠎ᠠ᠃
 
ᠢᠷᠡᠯᠲᠡ᠄ ᠰᠥᠨᠢᠳ ᠵᠡᠬᠦᠨ ᠬᠤᠰᠢᠭᠤᠨ ᠤ ᠵᠠᠰᠠᠭ ᠤᠨ ᠤᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号