ᠴᠢᠨᠠᠷ ᠰᠠᠶᠢᠳᠠᠢ ᠬᠥᠭᠵᠢᠯᠳᠠ ᠶᠢᠨ ᠥᠨᠳᠣᠰᠥ ᠰᠠᠭᠤᠷᠢ ᠨᠢ ᠶᠠᠭᠤ ᠪᠤᠢ
ᠨᠡᠶᠢᠲᠡᠯᠡᠭᠰᠡᠨ ᠴᠠᠭ᠄
2021/3/25
        ᠮᠠᠯ ᠠᠵᠤ ᠠᠬᠤᠢ ᠮᠠᠨᠢ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠵᠠᠮᠨᠠᠬᠤ ᠤᠴᠢᠷᠳᠠᠢ ᠪᠢᠯᠡ᠃ ᠴᠠᠭ ᠦᠶ᠎ᠡ ᠶᠢᠨ ᠱᠠᠭᠠᠷᠳᠠᠯᠭ᠎ᠠ᠂ ᠵᠠᠬ᠎ᠠ ᠳᠡᠯᠭᠡᠬᠦᠷ ᠤᠨ ᠱᠠᠭᠠᠷᠳᠠᠯᠭ᠎ᠠ᠂ ᠨᠡᠶᠢᠭᠡᠮ ᠤᠨ ᠬᠦᠭᠵᠢᠯᠳᠡ ᠶᠢᠨ ᠬᠠᠨᠳᠤᠰᠢ ᠶᠢᠨ ᠱᠠᠭᠠᠷᠳᠠᠯᠭ᠎ᠠ ᠭᠡᠳ ᠳᠠᠯ᠎ᠠ ᠳᠠᠯ᠎ᠠ ᠶᠢᠨ ᠬᠦᠭᠵᠢᠯᠳᠡ ᠨᠢ ᠮᠠᠯ ᠠᠵᠤ ᠠᠬᠤᠢ ᠳᠤ ᠬᠡᠪᠴᠢᠶᠡᠵᠢᠭᠰᠡᠨ᠂ ᠳᠤᠰᠬᠠᠢᠢᠵᠢᠭᠰᠠᠨ᠂ ᠴᠢᠨᠠᠷᠵᠢᠭᠰᠠᠨ ᠁ ᠤᠯᠠᠨ ᠳᠠᠯ᠎ᠠ ᠶᠢᠨ ᠱᠠᠭᠠᠷᠳᠠᠯᠭ᠎ᠠ ᠶᠢ ᠳᠠᠯᠪᠢᠬᠤ ᠪᠤᠯᠪᠠ᠃ ᠬᠡᠪᠴᠢᠶᠡᠵᠢᠵᠦ ᠳᠤᠰᠬᠠᠢᠢᠵᠢᠵᠦ ᠴᠢᠨᠠᠷᠵᠢᠨ ᠬᠦᠭᠵᠢᠬᠦ ᠨᠢ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ᠃ ᠭᠡᠬᠦ ᠳᠤ ᠪᠠᠨ ᠤᠷᠤᠨ ᠨᠤᠲᠤᠭ ᠲᠤ ᠪᠠᠨ ᠳᠤᠬᠢᠷᠠᠬᠤ᠂ ᠪᠠᠶᠢᠭᠠᠯᠢ ᠠᠬᠤᠢ ᠶᠢᠨ ᠵᠢᠮ᠎ᠠ ᠶᠤᠰᠤ ᠲᠠᠢ ᠵᠤᠬᠢᠴᠠᠬᠤ᠂ ᠦᠨᠡᠨᠬᠦ ᠪᠤᠬᠢᠷᠳᠤᠯ ᠦᠭᠡᠢ ᠬᠦᠭᠵᠢᠯᠳᠡ ᠶᠢᠨ ᠱᠠᠭᠠᠷᠳᠠᠯᠭ᠎ᠠ ᠳᠤ ᠬᠦᠷᠴᠦ ᠴᠢᠳᠠᠬᠤ᠂ ᠮᠠᠯ ᠠᠵᠤ ᠠᠬᠤᠢ ᠠᠴᠠ ᠪᠠᠨ ᠬᠦᠷᠳᠡᠵᠦ ᠪᠠᠶᠢᠬᠤ ᠠᠰᠢᠭ ᠳᠤᠰᠠ ᠴᠤᠬᠤᠮ ᠶᠠᠮᠠᠷ ᠪᠠᠶᠢᠭ᠎ᠠ ᠵᠡᠷᠭᠡ ᠳᠠᠯ᠎ᠠ ᠶᠢᠨ ᠱᠠᠭᠠᠷᠳᠠᠯᠭ᠎ᠠ ᠪᠤᠯ ᠦᠨᠳᠦᠰᠦ ᠰᠠᠭᠤᠷᠢ ᠨᠢ ᠶᠤᠮ᠃ ᠨᠢᠭᠡ ᠮᠠᠯᠴᠢᠨ ᠠᠶᠢᠯ ᠦᠭᠡᠷ ᠤᠨ ᠢᠶᠠᠨ ᠡᠬᠦᠯᠳᠡᠷ ᠢ ᠰᠠᠶᠢᠵᠢᠷᠠᠭᠤᠯᠤᠭᠠᠳ ᠪᠦᠬᠦᠨ ᠢ ᠰᠢᠮᠧᠨ᠋ᠲ᠋ᠠᠷ ᠪᠤᠯᠭᠠᠭᠰᠠᠨ ᠭᠡᠵᠦ ᠪᠤᠳᠤᠶ᠎ᠠ᠃ ᠤᠷᠤᠨ ᠨᠤᠲᠤᠭ ᠤᠨ ᠠᠭᠤᠷ ᠠᠮᠢᠰᠬᠤᠯ᠂ ᠠᠷᠠᠴᠢᠯᠠᠭ᠎ᠠ ᠮᠠᠯᠵᠢᠯᠭ᠎ᠠ ᠶᠢᠨ ᠠᠷᠭ᠎ᠠ ᠳᠡᠮ ᠳᠤ ᠨᠢ ᠳᠤᠬᠢᠷᠠᠬᠤ ᠦᠭᠡᠢ ᠪᠠᠶᠢᠪᠠᠯ ᠶᠠᠭᠠᠬᠢᠬᠤ ᠪᠤᠢ⁈ ᠤᠷᠤᠨ ᠨᠤᠲᠤᠭ ᠤᠨ ᠠᠭᠤᠷ ᠠᠮᠢᠰᠬᠤᠯ᠂ ᠡᠪᠡᠰᠦ ᠤᠷᠭᠤᠮᠠᠯ ᠤᠨ ᠪᠠᠶᠢᠳᠠᠯ᠂ ᠪᠠᠶᠢᠭᠠᠯᠢ ᠶᠢᠨ ᠤᠷᠴᠢᠨ ᠨᠦᠬᠦᠴᠡᠯ ᠨᠢ ᠮᠠᠯ ᠠᠵᠤ ᠠᠬᠤᠢ ᠶᠢᠨ ᠰᠠᠭᠤᠷᠢ ᠨᠦᠬᠦᠴᠡᠯ ᠪᠤᠯᠳᠠᠭ ᠤᠴᠢᠷ ᠠᠴᠠ ᠮᠠᠯ ᠤᠨ ᠢᠶᠠᠨ ᠡᠬᠦᠯᠳᠡᠷ ᠢ ᠰᠠᠶᠢᠵᠢᠷᠠᠭᠤᠯᠬᠤ ᠳᠤ ᠪᠠᠨ ᠤᠷᠢᠳᠠᠴᠢ ᠨᠦᠬᠦᠴᠡᠯ ᠢᠶᠠᠨ ᠠᠩᠬᠠᠷᠬᠤ ᠨᠢ ᠵᠦᠪ ᠪᠢᠯᠡ᠃ ᠵᠠᠷᠢᠮ ᠨᠤᠲᠤᠭ ᠲᠤ ᠦᠭᠡᠷ ᠮᠠᠯᠵᠢᠬᠤ ᠨᠢ ᠳᠤᠬᠢᠷᠠᠮᠵᠢᠳᠠᠢ᠂ ᠭᠡᠳᠡᠯ᠎ᠠ ᠵᠠᠷᠢᠮ ᠭᠠᠵᠠᠷ ᠪᠤᠭ ᠮᠠᠯ ᠮᠠᠯᠵᠢᠬᠤ ᠳᠤ ᠳᠤᠬᠢᠷᠠᠮᠵᠢᠳᠠᠢ ᠪᠠᠶᠢᠳᠠᠭ᠃ ᠡᠨᠡ ᠪᠤᠯ ᠦᠨᠡᠨᠬᠦ ᠴᠢᠨᠠᠷ ᠰᠠᠶᠢᠳᠠᠢ ᠬᠦᠭᠵᠢᠯᠳᠡ ᠶᠢᠨ ᠵᠠᠮ ᠢᠶᠠᠷ ᠶᠠᠪᠤᠵᠦ ᠳᠡᠶᠢᠯᠬᠦ ᠡᠰᠡᠬᠦ ᠶᠢᠨ ᠰᠠᠭᠤᠷᠢ᠃ ᠪᠤᠭ ᠮᠠᠯ ᠮᠠᠯᠵᠢᠪᠠᠯ ᠳᠤᠬᠢᠷᠠᠬᠤ ᠭᠠᠵᠠᠷ ᠤᠷᠤᠨ ᠳᠤ ᠪᠤᠳᠠ ᠮᠠᠯ ᠮᠠᠯᠵᠢᠭᠰᠠᠨ ᠢᠶᠠᠷ ᠦᠷ᠎ᠡ ᠠᠰᠢᠭ ᠨᠢ ᠶᠠᠷᠢᠶᠠᠨ ᠦᠭᠡᠢ ᠰᠠᠨᠠᠭᠠᠨ ᠳᠤ ᠬᠦᠷᠦᠮ᠎ᠡ ᠦᠭᠡᠢ ᠪᠤᠯᠵᠦ ᠤᠴᠢᠨ᠎ᠠ᠃ ᠤᠷᠤᠨ ᠨᠤᠲᠤᠭ ᠤᠨ ᠤᠨᠴᠠᠯᠢᠭ ᠲᠤ ᠪᠠᠨ ᠳᠤᠬᠢᠷᠠᠭᠤᠯᠵᠦ ᠳᠡᠶᠢᠯᠬᠦ ᠡᠰᠡᠬᠦ ᠪᠠᠷ ᠮᠠᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢᠨ ᠰᠠᠭᠤᠷᠢ ᠳᠠᠯᠪᠢᠭᠳᠠᠳᠠᠭ ᠭᠡᠪᠡᠯ ᠪᠤᠷᠤᠭᠤᠳᠠᠬᠤ ᠤᠴᠢᠷ ᠦᠭᠡᠢ᠃ ᠬᠦᠭᠵᠢᠯᠳᠡ ᠶᠢᠨ ᠳᠤᠮᠳᠠ ᠠᠷᠭ᠎ᠠ ᠵᠠᠮ ᠶᠡᠭᠡ ᠴᠢᠬᠤᠯᠠ᠃ ᠨᠡᠶᠢᠭᠡᠮ ᠶᠠᠭᠠᠬᠢᠵᠦ ᠬᠦᠭᠵᠢᠭᠰᠡᠨ ᠴᠦ ᠪᠠᠶᠢᠭᠠᠯᠢ ᠠᠬᠤᠢ ᠶᠢᠨ ᠵᠢᠮ᠎ᠠ ᠶᠤᠰᠤ ᠲᠠᠢ ᠵᠤᠬᠢᠴᠠᠭᠰᠠᠨ ᠬᠦᠭᠵᠢᠯᠳᠡ ᠨᠢ ᠤᠷᠳᠤ ᠤᠳᠠᠭᠠᠨ ᠤ ᠬᠢ ᠪᠠᠶᠢᠳᠠᠭ᠃ ᠪᠠᠶᠢᠭᠠᠯᠢ ᠶᠢᠨ ᠵᠢᠮ᠎ᠠ ᠶᠤᠰᠤ ᠲᠠᠢ ᠵᠦᠷᠢᠴᠡᠯᠳᠦᠭᠰᠡᠨ ᠡᠰᠡᠷᠬᠦᠴᠡᠯᠳᠦᠭᠰᠡᠨ ᠬᠦᠭᠵᠢᠯᠳᠡ ᠨᠢ ᠨᠢᠳᠦᠨ ᠡᠮᠦᠨᠡᠬᠢ ᠪᠠᠶᠢᠵᠦ᠂ ᠳᠦᠷ ᠵᠠᠭᠤᠷ᠎ᠠ ᠬᠦᠮᠦᠨ ᠤ ᠨᠢᠳᠦ ᠶᠢ ᠬᠠᠭᠤᠷᠳᠠᠭ ᠶᠤᠮ᠃ ᠡᠴᠦᠰ ᠤᠨ ᠡᠴᠦᠰ ᠲᠤ ᠪᠠᠶᠢᠭᠠᠯᠢ ᠶᠢᠨ ᠵᠢᠮ᠎ᠠ ᠬᠠᠤᠯᠢ ᠶᠢ ᠬᠦᠨᠳᠦᠳᠭᠡᠭᠰᠡᠨ ᠨᠢ ᠵᠦᠪ ᠵᠦᠢᠳᠡᠢ ᠦᠷ᠎ᠡ ᠠᠰᠢᠭ ᠢ ᠬᠦᠷᠳᠡᠴᠢᠭᠡᠭᠰᠡᠨ ᠪᠠᠶᠢᠳᠠᠭ᠃ ᠤᠯᠠᠩᠬᠢ ᠬᠦᠮᠦᠨ ᠨᠢᠳᠦᠨ ᠡᠮᠦᠨᠡᠬᠢ ᠠᠰᠢᠭ ᠲᠤ ᠬᠠᠭᠤᠷᠳᠠᠬᠤ ᠨᠢ ᠶᠡᠭᠡ᠂ ᠬᠠᠷᠢᠨ ᠤᠯᠠᠨ ᠵᠢᠯ ᠤᠨ ᠳᠠᠷᠠᠭᠠᠬᠢ ᠪᠤᠶᠤ ᠡᠴᠦᠰ ᠤᠨ ᠡᠴᠦᠰ ᠲᠤ ᠶᠠᠭᠤ ᠦᠪᠡᠷ ᠲᠤ ᠨᠢ ᠠᠰᠢᠭᠳᠠᠢ ᠪᠠᠶᠢᠬᠤ ᠶᠢ ᠪᠤᠳᠤᠬᠤ ᠨᠢ ᠴᠦᠭᠡᠨ᠃ ᠮᠠᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠨᠢ ᠠᠷᠭ᠎ᠠ ᠵᠠᠮ ᠤᠨ ᠬᠤᠪᠢ ᠳᠤ ᠪᠠᠶᠢᠭᠠᠯᠢ ᠪᠠᠨ ᠬᠦᠨᠳᠦᠳᠭᠡᠭᠰᠡᠨ᠂ ᠠᠯᠤᠰ ᠬᠤᠯᠠ ᠶᠢ ᠪᠤᠳᠤᠭᠰᠠᠨ ᠪᠠᠶᠢᠬᠤ ᠤᠴᠢᠷᠳᠠᠢ ᠮᠡᠳᠦ ᠰᠠᠨᠠᠭᠳᠠᠳᠠᠭ᠃ ᠴᠢᠨᠠᠷ ᠰᠠᠶᠢᠳᠠᠢ ᠬᠦᠭᠵᠢᠯᠳᠡ ᠮᠦᠨ ᠡᠰᠡᠬᠦ ᠶᠢ ᠬᠠᠷᠠᠭᠤᠯᠵᠦ ᠴᠢᠳᠠᠬᠤ ᠨᠢ ᠦᠷ᠎ᠡ ᠠᠰᠢᠭ ᠶᠤᠮ᠃ ᠦᠨᠡᠨᠬᠦ ᠦᠷ᠎ᠡ ᠠᠰᠢᠭ ᠲᠠᠢ ᠪᠠᠶᠢᠬᠤ ᠡᠰᠡᠬᠦ ᠨᠢ ᠴᠠᠭ ᠬᠤᠭᠤᠴᠠᠭᠠᠨ ᠤ ᠤᠳᠠᠭᠠᠨ ᠳᠤ ᠢᠯᠡᠷᠡᠳᠡᠭ᠃ ᠪᠠᠶᠢᠭᠠᠯᠢ ᠤᠷᠴᠢᠨ ᠳᠤ ᠪᠠᠨ ᠪᠤᠬᠢᠷᠳᠤᠯ ᠦᠭᠡᠢ᠂ ᠦᠪᠡᠷ ᠤᠨ ᠢᠶᠠᠨ ᠤᠷᠤᠰᠢᠯ ᠪᠠᠶᠢᠳᠠᠯ ᠳᠤ ᠵᠤᠬᠢᠴᠠᠵᠦ ᠴᠢᠳᠠᠭᠰᠠᠨ᠂ ᠬᠦᠭᠵᠢᠯᠳᠡ ᠶᠢᠨ ᠬᠠᠨᠳᠤᠰᠢ ᠶᠠᠮᠠᠷ ᠪᠤᠯᠤᠭᠰᠠᠨ ᠴᠦ ᠦᠪᠡᠷ ᠤᠨ ᠬᠢ ᠪᠠᠷ ᠢᠶᠠᠨ ᠦᠯᠡᠳᠡᠵᠦ ᠴᠢᠳᠠᠬᠤ ᠦᠷ᠎ᠡ ᠠᠰᠢᠭ ᠨᠢ ᠬᠡᠨ ᠬᠦᠮᠦᠨ ᠳᠤ ᠴᠦ ᠬᠠᠷᠰᠢᠯᠠᠭᠳᠠᠬᠤ ᠦᠭᠡᠢ ᠪᠠᠶᠢᠵᠦ ᠴᠢᠳᠠᠳᠠᠭ᠃ ᠡᠶᠢᠮᠦ ᠦᠷ᠎ᠡ ᠠᠰᠢᠭ ᠨᠢ ᠨᠡᠶᠢᠭᠡᠮ ᠤᠨ ᠱᠠᠭᠠᠷᠳᠠᠯᠭ᠎ᠠ᠂ ᠵᠠᠬ᠎ᠠ ᠳᠡᠯᠭᠡᠬᠦᠷ ᠤᠨ ᠱᠠᠭᠠᠷᠳᠠᠯᠭ᠎ᠠ᠂ ᠬᠦᠮᠦᠰ ᠤᠨ ᠱᠠᠭᠠᠷᠳᠠᠯᠭ᠎ᠠ ᠳᠤ ᠠᠯᠢ ᠠᠯᠢᠨ ᠳᠤ ᠨᠢ ᠴᠦ ᠬᠦᠷᠴᠦ ᠴᠢᠳᠠᠳᠠᠭ ᠶᠤᠮ᠃ ᠴᠢᠨᠠᠷ ᠰᠠᠶᠢᠳᠠᠢ ᠬᠦᠭᠵᠢᠯᠳᠡ ᠶᠢᠨ ᠳᠤᠬᠠᠢ ᠶᠠᠷᠢᠬᠤ ᠳᠤ ᠦᠨᠳᠦᠰᠦ ᠰᠠᠭᠤᠷᠢ ᠨᠢ ᠶᠠᠭᠤ ᠪᠠᠶᠢᠬᠤ᠂ ᠬᠦᠭᠵᠢᠯᠳᠡ ᠶᠢᠨ ᠠᠷᠭ᠎ᠠ ᠠᠪᠳᠠᠯ ᠨᠢ ᠶᠠᠮᠠᠷ ᠪᠠᠶᠢᠬᠤ᠂ ᠤᠯᠬᠤ ᠦᠷ᠎ᠡ ᠠᠰᠢᠭ ᠨᠢ ᠶᠠᠮᠠᠷ ᠪᠤᠯᠬᠤ ᠭᠡᠳ ᠤᠯᠠᠨ ᠭᠤᠭᠴᠤᠭ᠎ᠠ ᠬᠤᠯᠪᠤᠭ᠎ᠠ ᠶᠢ ᠪᠤᠳᠤᠬᠤ ᠤᠴᠢᠷᠳᠠᠢ ᠪᠢᠯᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号