ᠠᠵᠢᠯ ᠠᠴᠠ ᠪᠠᠨ ᠠᠮᠠᠷᠠᠬᠤ ᠴᠠᠭ ᠬᠤᠶᠢᠰᠢᠯᠠᠨ᠎ᠠ
ᠨᠡᠶᠢᠲᠡᠯᠡᠭᠰᠡᠨ ᠴᠠᠭ᠄
2021/4/12
        ᠠᠵᠢᠯ ᠠᠴᠠ ᠪᠠᠨ ᠠᠮᠠᠷᠠᠬᠤ ᠴᠠᠭ ᠢ ᠬᠤᠶᠢᠰᠢᠯᠠᠭᠤᠯᠤᠨ᠎ᠠ ᠭᠡᠵᠦ ᠪᠠᠶᠢᠨ᠎ᠠ᠃ ᠪᠢᠳᠡ ᠬᠡᠳᠦᠢ ᠨᠠᠰᠤ ᠬᠦᠷᠲᠡᠯ᠎ᠡ ᠠᠵᠢᠯᠯᠠᠬᠤ ᠪᠣᠢ︖ ᠬᠡᠵᠢᠶ᠎ᠡ ᠠᠵᠢᠯ ᠠᠴᠠ ᠪᠠᠨ ᠠᠮᠠᠷᠠᠵᠤ ᠴᠢᠳᠠᠬᠤ ᠪᠣᠢ︖ ᠠᠵᠢᠯ ᠠᠴᠠ ᠪᠠᠨ ᠠᠮᠠᠷᠠᠬᠤ ᠴᠠᠭ ᠢ ᠬᠤᠶᠢᠰᠢᠯᠠᠭᠤᠯᠬᠤ ᠥᠭᠡᠷᠡᠴᠢᠯᠡᠯᠲᠡ ᠶᠢ ︽ᠪᠠᠭ᠎ᠠ ᠪᠠᠭ᠎ᠠ ᠪᠠᠷ ᠬᠤᠶᠢᠰᠢᠯᠠᠭᠤᠯᠬᠤ᠂ ᠠᠮᠢᠳᠤᠯᠢᠭ ᠢᠶᠠᠷ ᠬᠡᠷᠡᠭᠵᠢᠭᠦᠯᠬᠦ᠂ ᠲᠥᠷᠥᠯ ᠬᠤᠪᠢᠶᠠᠨ ᠠᠬᠢᠭᠤᠯᠬᠤ᠂ ᠨᠢᠭᠡᠳᠦᠯᠲᠡᠢ ᠵᠣᠬᠢᠴᠠᠭᠤᠯᠬᠤ︾ ᠵᠠᠷᠴᠢᠮ ᠢᠶᠠᠷ ᠬᠡᠷᠡᠭᠵᠢᠭᠦᠯᠦᠨ᠎ᠡ ᠭᠡᠵᠦ 14 ᠳ᠋ᠣᠬᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ᠶᠢᠨ ᠲᠣᠪᠴᠢ ᠳᠤ ᠳᠤᠷᠠᠳᠤᠭᠰᠠᠨ ᠶᠤᠮ᠃ ᠡᠨᠡ ᠲᠤᠬᠠᠢ ᠨᠠᠷᠢᠨ ᠲᠠᠶᠢᠯᠪᠤᠷᠢ ᠬᠢᠪᠡᠯ᠄ ᠪᠠᠭ᠎ᠠ ᠪᠠᠭ᠎ᠠ ᠪᠠᠷ ᠬᠤᠶᠢᠰᠢᠯᠠᠭᠤᠯᠬᠤ -- ᠡᠨᠡ ᠬᠦ ᠥᠭᠡᠷᠡᠴᠢᠯᠡᠯᠲᠡ ᠶᠢ ᠢᠳᠡᠭ ᠢᠳᠡᠭ ᠢᠶᠠᠷ ᠬᠡᠷᠡᠭᠵᠢᠭᠦᠯᠵᠦ᠂ ᠠᠵᠢᠯ ᠠᠴᠠ ᠪᠠᠨ ᠠᠮᠠᠷᠠᠬᠤ ᠴᠠᠭ ᠢ ᠵᠢᠯ ᠪᠣᠯᠭᠠᠨ ᠬᠡᠳᠦᠨ ᠰᠠᠷ᠎ᠠ ᠬᠤᠶᠢᠰᠢᠯᠠᠭᠤᠯᠬᠤ ᠪᠤᠶᠤ ᠬᠡᠳᠦᠨ ᠰᠠᠷ᠎ᠠ ᠪᠦᠷᠢ ᠳᠤ 1 ᠰᠠᠷ᠎ᠠ ᠬᠤᠶᠢᠰᠢᠯᠠᠭᠤᠯᠬᠤ ᠪᠣᠯᠣᠨ᠎ᠠ᠃ ᠠᠮᠢᠳᠤᠯᠢᠭ ᠢᠶᠠᠷ ᠬᠡᠷᠡᠭᠵᠢᠭᠦᠯᠬᠦ -- ᠬᠤᠪᠢ ᠬᠥᠮᠥᠨ ᠤ ᠥᠪᠡᠷ ᠢᠶᠠᠨ ᠤᠷᠢᠳᠴᠢᠯᠠᠨ ᠠᠵᠢᠯ ᠠᠴᠠ ᠪᠠᠨ ᠠᠮᠠᠷᠠᠬᠤ ᠣᠷᠣᠨ ᠵᠠᠢ ᠶᠢ ᠨᠡᠮᠡᠭᠳᠡᠭᠦᠯᠬᠦ ᠪᠣᠯᠣᠨ᠎ᠠ᠃ ᠡᠨᠡ ᠪᠣᠯ ᠲᠤᠰ ᠥᠭᠡᠷᠡᠴᠢᠯᠡᠯᠲᠡ ᠶᠢᠨ ᠬᠠᠮᠤᠭ ᠤᠨ ᠶᠡᠭᠡ᠂ ᠬᠠᠮᠤᠭ ᠤᠨ ᠴᠢᠬᠤᠯᠠ ᠣᠨᠴᠠᠯᠢᠭ ᠪᠣᠯᠣᠨ᠎ᠠ᠃ ᠲᠥᠷᠥᠯ ᠬᠤᠪᠢᠶᠠᠨ ᠠᠬᠢᠭᠤᠯᠬᠤ -- ᠣᠳᠣᠬᠠᠨ ᠤ ᠬᠠᠤᠯᠢ ᠶᠢᠨ ᠲᠣᠭᠲᠠᠭᠠᠯ ᠶᠣᠰᠣᠭᠠᠷ ᠪᠣᠯ ᠡᠷᠡᠭᠲᠡᠢ ᠠᠵᠢᠯᠲᠠᠨ ᠠᠵᠢᠯᠴᠢᠨ 60 ᠪᠦᠬᠦᠯᠢ ᠨᠠᠰᠤ᠂ ᠡᠮᠡᠭᠲᠡᠢ ᠺᠠᠳ᠋ᠷ 55 ᠪᠦᠬᠦᠯᠢ ᠨᠠᠰᠤ᠂ ᠡᠮᠡᠭᠲᠡᠢ ᠠᠵᠢᠯᠴᠢᠨ 50 ᠪᠦᠬᠦᠯᠢ ᠨᠠᠰᠤ ᠬᠦᠷᠴᠦ ᠠᠵᠢᠯ ᠠᠴᠠ ᠪᠠᠨ ᠠᠮᠠᠷᠠᠬᠤ ᠪᠣᠯᠣᠨ᠎ᠠ᠃ ᠠᠵᠢᠯ ᠠᠴᠠ ᠪᠠᠨ ᠠᠮᠠᠷᠠᠬᠤ ᠴᠠᠭ ᠢ ᠬᠤᠶᠢᠰᠢᠯᠠᠭᠤᠯᠬᠤ ᠦᠶ᠎ᠡ᠂ ᠮᠥᠨ ᠬᠦ ᠠᠳᠠᠯᠢ ᠪᠤᠰᠤ ᠬᠥᠮᠥᠰ ᠤᠨ ᠪᠠᠶᠢᠳᠠᠯ ᠢ ᠦᠨᠳᠦᠰᠦᠯᠡᠨ᠂ ᠵᠣᠬᠢᠰᠲᠠᠢ ᠬᠥᠭ ᠠᠶᠢᠵᠠᠮ ᠳᠠᠭᠠᠤ ᠠᠯᠬᠤᠮ ᠠᠯᠬᠤᠮ ᠢᠶᠠᠷ ᠬᠡᠷᠡᠭᠵᠢᠭᠦᠯᠬᠦ ᠪᠣᠯᠣᠨ᠎ᠠ᠃ ᠨᠢᠭᠡᠳᠦᠯᠲᠡᠢ ᠵᠣᠬᠢᠴᠠᠭᠤᠯᠬᠤ -- ᠠᠵᠢᠯ ᠠᠴᠠ ᠪᠠᠨ ᠠᠮᠠᠷᠠᠬᠤ ᠴᠠᠭ ᠢ ᠬᠤᠶᠢᠰᠢᠯᠠᠭᠤᠯᠬᠤ ᠥᠭᠡᠷᠡᠴᠢᠯᠡᠯᠲᠡ ᠪᠣᠯ ᠰᠢᠰᠲ᠋ᠧᠮᠲᠤ ᠢᠨᠵᠧᠨᠧᠷᠢᠩ ᠪᠣᠯᠬᠤᠷ ᠲᠡᠭᠦᠨ ᠢ ᠳᠠᠩ ᠭᠠᠭᠴᠠ ᠪᠠᠷ ᠨᠢ ᠬᠡᠷᠡᠭᠵᠢᠭᠦᠯᠬᠦ ᠪᠢᠰᠢ᠂ ᠬᠠᠷᠢᠨ ᠢᠵᠢ ᠪᠦᠷᠢᠨ ᠬᠠᠮᠢᠶᠠᠲᠠᠢ ᠲᠥᠷᠥ ᠶᠢᠨ ᠪᠣᠳᠣᠯᠭ᠎ᠠ ᠪᠣᠯᠣᠨ ᠪᠠᠲᠤᠯᠠᠭᠠᠨ ᠤ ᠠᠷᠭ᠎ᠠ ᠬᠡᠮᠵᠢᠶ᠎ᠡ ᠶᠢ ᠨᠢᠭᠡᠳᠦᠯᠲᠡᠢ ᠵᠣᠬᠢᠴᠠᠭᠤᠯᠵᠤ ᠬᠡᠷᠡᠭᠵᠢᠭᠦᠯᠬᠦ ᠪᠣᠯᠣᠨ᠎ᠠ᠃
 
ᠢᠷᠡᠯᠲᠡ᠄ ᠲᠥᠪ ᠲᠧᠯᠸᠢᠰ ᠤᠨ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号