ᠪᠤᠰᠤᠳ ᠬᠥᠮᠦᠨ ᠤ ᠰᠠᠭᠤᠭᠰᠠᠨ ᠰᠠᠨᠳᠠᠯᠢ ᠳᠡᠭᠡᠷ᠎ᠡ ᠰᠠᠭᠤᠪᠡᠯ ᠡᠪᠡᠳᠴᠢᠨ ᠬᠠᠯᠳᠠᠪᠤᠷᠢᠯᠠᠨ᠎ᠠ ᠤᠤ︖
ᠨᠡᠶᠢᠲᠡᠯᠡᠭᠰᠡᠨ ᠴᠠᠭ᠄
2022/10/20
    ᠨᠡᠶᠢᠲᠡ ᠶᠢᠨ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ᠂ ᠴᠡᠴᠡᠷᠯᠢᠭ ᠵᠡᠷᠭᠡ ᠣᠯᠠᠨ ᠨᠡᠶᠢᠲᠡ ᠶᠢᠨ ᠭᠠᠵᠠᠷ ᠲᠤ ᠪᠤᠰᠤᠳ ᠬᠥᠮᠦᠨ ᠤ ᠰᠠᠭᠤᠭᠰᠠᠨ ᠰᠠᠨᠳᠠᠯᠢ ᠲᠡᠭᠡᠷ᠎ᠡ ᠰᠠᠭᠤᠬᠤ ᠨᠢ ᠵᠠᠶᠢᠯᠠᠰᠢ ᠦᠭᠡᠢ ᠶᠤᠮ᠃ ᠡᠭᠦᠨ ᠎ ᠳᠤ ᠶᠠᠭᠤ ᠶᠢ ᠠᠩᠬᠠᠷᠪᠠᠯ ᠵᠣᠬᠢᠬᠤ ᠪᠣᠶ︖ ᠬᠡᠷᠪᠡ ᠲᠡᠬᠦᠨ ᠤ ᠠᠷᠠᠰᠤ ᠨᠢ ᠰᠠᠨᠳᠠᠯᠢ ᠪᠤᠶᠤ ᠰᠠᠨᠳᠠᠯᠢ ᠶᠢᠨ ᠲᠦᠰᠢᠯᠭᠡ ᠳᠡᠭᠡᠷ᠎ᠡ ᠰᠢᠭᠤᠳ ᠬᠦᠷᠦᠯᠴᠡᠭᠰᠡᠨ ᠪᠠᠶᠢᠪᠠᠯ᠂ ᠰᠠᠨᠳᠠᠯᠢ ᠳᠡᠭᠡᠷ᠎ᠡ ᠲᠡᠬᠦᠨ ᠤ ᠬᠠᠭ᠂ ᠬᠥᠯᠥᠰᠥ ᠵᠡᠷᠭᠡ ᠨᠢ ᠦᠯᠡᠳᠡᠬᠦ ᠪᠣᠯᠤᠯᠴᠠᠭ᠎ᠠ ᠲᠠᠢ᠃ ᠰᠠᠨᠳᠠᠯᠢ ᠳᠡᠭᠡᠷᠡᠬᠢ ᠡᠳᠡᠭᠡᠷ ᠦᠢᠯᠡᠳᠦᠭᠳᠡᠯ ᠪᠣᠳᠠᠰ ᠨᠢ ᠬᠤᠪᠢ ᠬᠥᠮᠦᠨ ᠤ ᠡᠷᠡᠭᠦᠯ ᠮᠡᠨᠳᠦ ᠳᠤ ᠰᠦᠷᠳᠡᠭᠦᠯᠦᠯ ᠪᠣᠯᠬᠤ ᠦᠭᠡᠢ ᠶᠤᠮ᠃ ᠭᠡᠪᠡᠴᠦ ᠵᠠᠷᠢᠮ ᠡᠪᠡᠳᠴᠢᠨ ᠡᠭᠦᠰᠭᠡᠭᠴᠢ᠂ ᠵᠢᠱᠢᠶᠡᠯᠡᠪᠡᠯ ᠪᠠᠺᠲ᠋ᠧᠷᠢ ᠂ ᠬᠠᠮᠠᠭᠤ᠂ ᠢᠯᠢᠳᠦ ᠵᠡᠷᠭᠡ ᠶᠢᠨ ᠡᠪᠡᠳᠴᠢᠲᠡᠨ ᠤ ᠡᠪᠡᠳᠴᠢᠯᠡᠭᠰᠡᠨ ᠬᠡᠰᠡᠭ ᠨᠢ ᠪᠦᠷᠢᠮᠦᠰᠦᠨ ᠡᠳᠡᠭᠡᠷᠡᠭᠡᠳᠦᠢ ᠨᠥᠬᠦᠴᠡᠯ ᠳᠣᠣᠷ᠎ᠠ ᠰᠢᠭᠤᠳ ᠰᠠᠨᠳᠠᠯᠢ ᠳᠡᠭᠡᠷ᠎ᠡ ᠬᠦᠷᠦᠯᠴᠡᠭᠰᠡᠨ ᠪᠣᠯ ᠳᠠᠷᠠᠭ᠎ᠠ ᠰᠠᠭᠤᠭᠰᠠᠨ ᠬᠥᠮᠦᠨ ᠤ ᠠᠷᠠᠰᠤᠨ ᠳᠤ ᠬᠦᠷᠦᠯᠴᠡᠪᠡᠯ ᠳᠠᠷᠤᠢ ᠬᠠᠯᠳᠠᠪᠤᠷᠢᠯᠠᠬᠤ ᠪᠣᠯᠤᠯᠴᠠᠭ᠎ᠠ ᠲᠠᠢ᠃ ᠰᠠᠨᠳᠠᠯᠢ ᠳᠡᠭᠡᠷ᠎ᠡ ᠰᠠᠭᠤᠬᠤ ᠨᠢ ᠬᠤᠰᠬᠢᠨᠠᠭ ᠪᠤᠶᠤ ᠰᠢᠭᠡᠰᠦᠨ ᠰᠦᠪᠡ ᠪᠠᠷ ᠳᠠᠮᠵᠢᠬᠤ ᠡᠪᠡᠳᠴᠢᠨ ᠢ ᠠᠮᠠᠷᠬᠠᠨ ᠲᠠᠷᠬᠠᠭᠠᠬᠤ ᠦᠭᠡᠢ᠃ ᠥᠩᠭᠡᠨ ᠡᠪᠡᠳᠴᠢᠨ᠂ ᠵᠢᠱᠢᠶᠡᠯᠡᠪᠡᠯ ᠲᠡᠮᠪᠤᠤ ᠡᠪᠡᠳᠴᠢᠨ᠂ ᠠᠶᠢᠽ ᠡᠪᠡᠳᠴᠢᠨ ᠵᠡᠷᠭᠡ᠂ ᠲᠡᠳᠡᠭᠡᠷ ᠤᠨ ᠬᠠᠯᠳᠠᠪᠤᠷᠢᠯᠠᠬᠤ ᠵᠠᠮ ᠨᠢ ᠭᠤᠣᠯᠳᠠᠭᠤ ᠭᠤᠷᠪᠠᠨ ᠵᠦᠢᠯ ᠪᠠᠶᠢᠳᠠᠭ᠄ ᠬᠤᠷᠢᠴᠠᠯ ᠤᠨ ᠠᠵᠢᠯᠯᠠᠭ᠎ᠠ᠂ ᠴᠢᠰᠤ᠂ ᠡᠬᠡ ᠨᠢᠯᠬᠠᠰ ᠢᠶᠠᠷ ᠰᠢᠭᠤᠳ ᠲᠠᠷᠬᠠᠭᠠᠨ᠎ᠠ᠃ ᠰᠠᠨᠳᠠᠯᠢ ᠲᠡᠭᠡᠷ᠎ᠡ ᠰᠠᠭᠤᠬᠤ ᠨᠢ ᠦᠩᠭᠡᠨ ᠤ ᠡᠪᠡᠳᠴᠢᠨ ᠬᠠᠯᠳᠠᠪᠤᠷᠢᠯᠠᠬᠤ ᠦᠭᠡᠢ᠃ ᠪᠤᠰᠤᠳ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠯᠠᠪᠤᠷ᠂ ᠵᠢᠱᠢᠶᠡᠯᠡᠪᠡᠯ ᠵᠣᠷᠯᠣᠩ ᠤᠨ ᠰᠠᠭᠤᠳᠠᠯ ᠂ ᠴᠠᠬᠢᠯᠭᠠᠨ ᠱᠠᠲᠤ ᠪᠠ ᠭᠠᠵᠠᠷ ᠳᠤᠤᠷᠠᠬᠢ ᠲᠡᠮᠦᠷ ᠵᠠᠮ ᠤᠨ ᠲᠦᠰᠢᠭᠦᠷ᠂ ᠤᠮᠪᠠᠯᠲᠠ ᠶᠢᠨ ᠭᠠᠵᠠᠷ ᠵᠡᠷᠭᠡ ᠨᠢ ᠴᠥᠮ ᠣᠯᠠᠨ ᠨᠡᠶᠢᠲᠡ ᠶᠢᠨ ᠲᠠᠯᠠᠪᠤᠷ ᠪᠣᠯᠤᠨ᠎ᠠ᠃ ᠠᠷᠢᠭᠤᠨ ᠴᠡᠪᠡᠷ ᠤᠨ ᠨᠥᠬᠦᠴᠡᠯ ᠢᠶᠠᠷ ᠠᠨᠠᠶ ᠵᠣᠷᠯᠣᠩ ᠢ ᠠᠯᠢ ᠴᠢᠳᠠᠬᠤ ᠪᠠᠷ ᠬᠡᠷᠡᠭᠯᠡᠬᠦ ᠥᠬᠡᠶ ᠪᠠᠶᠢᠪᠠᠯ ᠵᠤᠬᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号