ᠰᠥᠨᠢᠳ ᠵᠡᠭᠦᠨ ᠬᠤᠰᠢᠭᠤᠨ ᠤ ᠰᠢᠯᠢᠩᠬᠤᠲᠠ ᠠᠴᠠ ᠬᠤᠰᠢᠭᠤᠨ ᠳᠠᠭᠠᠨ ᠪᠤᠴᠠᠵᠤ ᠢᠷᠡᠭᠰᠡᠨ  ᠬᠦᠮᠦᠰ ᠢ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2022/10/25
                                         ( 33 ᠳ᠋ᠤᠭᠠᠷ ᠲᠣᠭᠠᠲᠤ )               2022 ᠣᠨ ᠤ 10 ᠳ᠋ᠤᠭᠠᠷ ᠰᠠᠷ᠎ᠠ ᠶᠢᠨ 19 ᠤ ᠡᠳᠦᠷ᠂ ᠰᠢᠯᠢᠩᠬᠤᠲᠠ ᠶᠢᠨ《 ᠪᠠᠶᠢᠴᠠᠭᠠᠪᠠᠰᠤ ᠵᠤᠬᠢᠬᠤ ᠬᠦᠮᠦᠰ ᠢ ᠡᠷᠬᠡᠪᠰᠢ ᠪᠠᠶᠢᠴᠠᠭᠠᠬᠤ 》ᠬᠦᠮᠦᠰ ᠤᠨ ᠳᠣᠲᠣᠷ᠎ᠠ ᠠᠴᠠ ᠠᠩᠬᠠᠨ ᠤ ᠰᠢᠭᠰᠢᠨ ᠪᠠᠶᠢᠴᠠᠭᠠᠯᠲᠠ  ᠨᠢ 1ᠠᠷᠭ᠎ᠠ ᠴᠢᠨᠠᠷᠲᠠᠶ ᠪᠠᠶᠢᠬᠤ ᠶᠢ ᠪᠠᠶᠢᠴᠠᠭᠠᠨ ᠭᠠᠷᠭᠠᠵᠤ᠂ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠢᠵᠢᠭ ᠲᠠᠷᠬᠠᠬᠤ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ ᠰᠥᠨᠢᠳ ᠵᠡᠭᠦᠨ ᠬᠤᠰᠢᠭᠤᠨ ᠤ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠳᠣᠤᠷᠠᠬᠢ ᠮᠡᠲᠦ ᠵᠠᠷᠯᠠᠯ ᠭᠠᠷᠭᠠᠪᠠ᠄           ᠨᠢᠭᠡ᠂ 10 ᠳ᠋ᠤᠭᠠᠷ ᠰᠠᠷ᠎ᠠ ᠶᠢᠨ 17 ᠤ ᠡᠳᠦᠷ ᠠᠴᠠ ᠨᠠᠭᠠᠰᠢ᠂ ᠰᠢᠯᠢᠩᠬᠤᠲᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ᠂ ᠭᠠᠴᠠᠭ᠎ᠠ᠂ ᠪᠠᠶᠢᠭ᠎ᠠ ᠵᠣᠴᠢᠳ ᠤᠨ ᠪᠠᠭᠤᠳᠠᠯ ᠪᠤᠶᠤ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠪᠠᠨ ᠮᠡᠳᠡᠭᠦᠯᠦᠨ ᠳᠠᠩᠰᠠᠯᠠᠭᠤᠯᠵᠤ᠂ ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠰᠠᠨᠠᠭᠠᠴᠢᠯᠠᠭ᠎ᠠ ᠠᠴᠠ ᠪᠠᠨ ᠵᠠᠮ ᠬᠠᠷᠢᠯᠴᠠᠭᠠᠨ ᠤ ᠪᠠᠶᠢᠴᠠᠭᠠᠬᠤ ᠴᠡᠭ ᠤᠨ ᠪᠠᠶᠢᠴᠠᠭᠠᠯᠲᠠ ᠳᠤ ᠬᠠᠮᠵᠢᠯᠴᠠᠬᠤ ᠶᠢᠨ ᠬᠠᠮᠲᠤ ᠠᠶᠠᠯᠠᠯ ᠤᠨ ᠵᠠᠮ ᠢᠶᠠᠨ ᠦᠨᠡᠨ ᠮᠥᠨ ᠢᠶᠠᠷ ᠨᠢ ᠮᠡᠳᠡᠬᠦᠯᠬᠦ ᠬᠡᠷᠡᠭᠲᠡᠢ᠃           ᠬᠤᠶᠠᠷ᠂ ᠵᠠᠮ ᠬᠠᠷᠢᠯᠴᠠᠭᠠᠨ ᠤ ᠪᠠᠶᠢᠴᠠᠭᠠᠬᠤ ᠴᠡᠭ᠂ ᠵᠣᠴᠢᠳ ᠤᠨ ᠪᠠᠭᠤᠳᠠᠯ ᠨᠢ 10 ᠰᠠᠷ᠎ᠠ ᠶᠢᠨ 17 ᠤ ᠡᠳᠦᠷ ᠠᠴᠠ ᠨᠠᠭᠠᠰᠢ ᠰᠢᠯᠢᠩᠬᠤᠲᠠ ᠶᠢᠨ ᠵᠢᠭᠤᠯᠴᠢᠯᠠᠨ ᠰᠠᠭᠤᠷᠢᠰᠢᠭᠰᠠᠨ ᠲᠡᠦᠬᠡ ᠲᠠᠢ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠢ ᠣᠯᠵᠤ ᠮᠡᠳᠡᠪᠡᠯ ᠳᠠᠷᠤᠶ ᠲᠦᠷᠭᠡᠨ ᠨᠡᠶᠢᠭᠡᠮ ᠤᠨ ᠬᠠᠮᠢᠶᠠᠷᠤᠨ ᠡᠵᠡᠮᠳᠡᠵᠦ ᠵᠢᠭᠰᠠᠭᠠᠨ ᠪᠠᠶᠢᠴᠠᠭᠠᠬᠤ ᠲᠤᠰᠬᠠᠶ ᠠᠩᠭᠢ ᠳᠤ ᠮᠡᠳᠡᠭᠦᠯᠬᠦ ᠬᠡᠷᠡᠭᠲᠡᠶ᠃            ᠭᠤᠷᠪᠠ᠂ 10 ᠳ᠋ᠤᠭᠠᠷ ᠰᠠᠷ᠎ᠠ ᠶᠢᠨ 17 ᠤ ᠡᠳᠦᠷ ᠠᠴᠠ ᠨᠠᠭᠠᠰᠢ᠂ ᠰᠢᠯᠢᠩᠬᠤᠲᠠ ᠶᠢᠨ ᠵᠢᠭᠤᠯᠴᠢᠯᠠᠨ ᠰᠠᠭᠤᠷᠢᠰᠢᠭᠰᠠᠨ ᠲᠡᠦᠬᠡ ᠲᠠᠢ ᠬᠥᠮᠦᠰ ᠬᠡᠷ ᠲᠡᠭᠡᠨ ᠲᠤᠰᠠᠭᠠᠷᠯᠠᠭᠰᠠᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ( ᠨᠢᠭᠡ ᠡᠷᠦᠬᠡ ᠨᠢᠭᠡ ᠥᠷᠥᠭᠡ ) + 1᠂ 2᠂ 3᠂ 5 ᠡᠳᠦᠷ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ( 5 ᠡᠳᠦᠷ 4 ᠪᠠᠶᠢᠴᠠᠭᠠᠯᠲᠠ ) ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ  ᠬᠡᠷᠡᠭᠳᠡᠢ᠃ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠢᠵᠢᠭ ᠤᠨ ᠪᠠᠶᠢᠳᠠᠯ ᠤᠨ ᠬᠥᠭᠵᠢᠯᠲᠡ ᠶᠢ ᠳᠠᠭᠠᠯᠳᠤᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠨ᠎ᠠ᠂ ᠥᠷᠭᠡᠨ ᠣᠯᠠᠨ ᠰᠠᠭᠤᠭᠠᠯᠢ ᠠᠷᠠᠳ ᠠᠯᠪᠠᠨ ᠤ ᠲᠠᠯ᠎ᠠ ᠶᠢᠨ ᠮᠡᠳᠡᠭᠡ ᠵᠠᠩᠭᠢ ᠶᠢ ᠴᠠᠭ ᠢᠮᠠᠭᠲᠠ ᠠᠩᠬᠠᠷᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠰᠠᠨᠠᠭᠠᠴᠢᠯᠠᠭ᠎ᠠ  ᠠᠴᠠ ᠪᠠᠨ ᠬᠠᠮᠵᠢᠯᠴᠠᠬᠤ ᠶᠢ ᠬᠦᠰᠡᠵᠦ ᠪᠠᠶᠢᠨ᠎ᠠ᠃           ᠳᠥᠷᠪᠡ᠂ ᠥᠷᠭᠡᠨ ᠣᠯᠠᠨ ᠰᠠᠭᠤᠭᠠᠯᠢ ᠠᠷᠠᠳ ᠬᠤᠪᠢ ᠬᠥᠮᠦᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠠᠮᠠᠪᠴᠢ ᠪᠠᠨ ᠵᠡᠭᠦᠵᠦ᠂ ᠬᠥᠮᠦᠨ ᠬᠠᠷ᠎ᠠ ᠴᠤᠭᠯᠠᠷᠠᠬᠤ ᠶᠢ ᠪᠠᠭᠠᠰᠬᠠᠵᠤ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠦᠨ᠂ 1 ᠮᠧᠲᠷ  ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠶᠢ ᠠᠩᠬᠠᠷᠴᠤ᠂ ᠴᠢᠬᠤᠯᠠ ᠪᠤᠰᠤ ᠴᠤᠭᠯᠠᠷᠠᠯ  ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠵᠤ᠂ ᠠᠯᠪᠠᠨ ᠤ ᠲᠠᠯ᠎ᠠ ᠶᠢᠨ ᠡᠷᠬᠡ ᠰᠦᠷᠲᠦ ᠨᠡᠶᠢᠲᠡᠯᠡᠯ᠂ ᠭᠤᠤᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠠᠷᠭ᠎ᠠ ᠪᠠᠷᠢᠯ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠣᠶᠢᠯᠠᠭᠠᠵᠤ᠂ ᠴᠤᠤᠷᠬᠠᠯ ᠢ ᠢᠲᠡᠭᠡᠬᠦ ᠥᠬᠡᠶ᠂ ᠴᠤᠤᠷᠬᠠᠯ ᠲᠠᠷᠬᠠᠭᠠᠬᠤ ᠥᠬᠡᠶ᠂ ᠴᠤᠤᠷᠬᠠᠯ ᠲᠠᠯᠪᠢᠬᠤ ᠥᠬᠡᠶ ᠪᠠᠶᠢᠬᠤ ᠬᠡᠷᠡᠭᠲᠡᠶ᠃ ᠬᠡᠷᠪᠡ ᠠᠶᠠᠯᠠᠯ ᠤᠨ ᠵᠠᠮ ᠢᠶᠠᠨ ᠨᠢᠭᠤᠨ ᠳᠠᠯᠳᠠᠯᠠᠭᠰᠠᠨ ᠪᠤᠶᠤ ᠰᠠᠨᠠᠭᠠᠴᠢᠯᠠᠭ᠎ᠠ ᠠᠴᠠ  ᠪᠠᠨ ᠮᠡᠳᠡᠭᠦᠯᠵᠦ ᠳᠠᠩᠰᠠᠯᠠᠭᠤᠯᠤᠭᠰᠠᠨ ᠥᠬᠡᠶ ᠪᠠᠶᠢᠪᠠᠯ᠂ ᠬᠠᠮᠢᠶ᠎ᠠ ᠪᠥᠬᠦᠶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃            ᠬᠤᠰᠢᠭᠤ ᠵᠢᠯᠤᠭᠤᠳᠬᠤ ᠭᠠᠵᠠᠷ ᠤᠨ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠤᠨ ᠤᠲᠠᠰᠤ᠄ 0479 ︱ 2525589           ᠬᠤᠰᠢᠭᠤ ᠵᠢᠯᠤᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠤᠨ ᠤᠲᠠᠰᠤ᠄ 0479 ︱ 2522580          ᠬᠤᠰᠢᠭᠤ ᠵᠢᠯᠤᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠤᠲᠠᠰᠤ᠄ 0479 ︱ 2522698᠂ 110          ᠬᠤᠰᠢᠭᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠤᠲᠠᠰᠤ᠄ 0479 ︱ 2522161          ᠬᠤᠰᠢᠭᠤ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠶᠢᠨ ᠤᠲᠠᠰᠤ᠄ 15647980702           ᠮᠠᠨᠳᠠᠯᠲᠣ ᠪᠠᠯᠭᠠᠰᠤᠨ ᠤ ᠤᠲᠠᠰᠤ᠄ 18847989595           ᠪᠤᠯᠠᠭ ᠨᠡᠶᠢᠭᠡᠮ ᠲᠣᠭᠤᠷᠢᠭ ᠤᠨ ᠤᠲᠠᠰᠤ᠄ 18947999354           ᠡᠩᠭᠡᠷ ᠨᠡᠶᠢᠭᠡᠮ ᠲᠣᠭᠤᠷᠢᠭ ᠤᠨ ᠤᠲᠠᠰᠤ᠄ 13947993035           ᠳᠠᠷᠬᠠᠨ ᠨᠡᠶᠢᠭᠡᠮ ᠲᠣᠭᠤᠷᠢᠭ ᠤᠨ ᠤᠲᠠᠰᠤ᠄ 1514952451           ᠰᠢᠭᠤᠶᠢᠲᠤ ᠨᠡᠶᠢᠭᠡᠮ ᠲᠣᠭᠤᠷᠢᠭ ᠤᠨ ᠤᠲᠠᠰᠤ᠄ 15164973800           ᠪᠠᠶᠠᠨᠨᠠᠭᠤᠷ ᠪᠠᠯᠭᠠᠰᠤᠨ ᠤ ᠤᠲᠠᠰᠤ᠄ 15247889387           ᠴᠠᠭᠠᠠᠣᠪᠣᠭ᠎ᠠ ᠪᠠᠯᠭᠠᠰᠤᠨ ᠤ ᠤᠲᠠᠰᠤ᠄ 15847923780           ᠪᠠᠶ᠋ᠬᠠᠭᠤᠯᠠ ᠰᠤᠮᠤᠨ ᠤ ᠤᠲᠠᠰᠤ᠄ 18504790631           ᠰᠠᠶᠢᠬᠠᠭᠤᠪᠢ ᠰᠤᠮᠤᠨ ᠤ ᠤᠲᠠᠰᠤ᠄ 15847998169           ᠳᠠᠯᠠᠢ ᠰᠤᠮᠤᠨ ᠤ ᠤᠲᠠᠰᠤ᠄ 18647915737           ᠬᠤᠩᠭᠤᠷ ᠰᠤᠮᠤᠨ ᠤ ᠤᠲᠠᠰᠤ᠄ 13789742923                                            
 
ᠢᠷᠡᠯᠲᠡ᠄ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号