ᠨᠤᠮ ᠤᠩᠰᠢᠬᠤ
ᠨᠡᠶᠢᠲᠡᠯᠡᠭᠰᠡᠨ ᠴᠠᠭ᠄
2022/11/20
    ᠨᠤᠮ ᠤᠩᠰᠢᠬᠤ ᠪᠤᠯ ᠵᠤᠬᠢᠶᠠᠨ ᠪᠢᠴᠢᠯᠭᠡ ᠶᠢᠨ ᠲᠤᠲᠠᠭᠳᠠᠰᠢ ᠪᠤᠯᠤᠰᠢ ᠦᠭᠡᠢ ᠨᠦᠬᠦᠴᠡᠯ ᠶᠤᠮ᠃ ᠨᠤᠮ ᠢ ᠵᠦᠪᠬᠡᠨ ᠤᠩᠰᠢᠬᠤ ᠶᠢᠨ ᠲᠦᠯᠦᠭᠡ ᠤᠩᠰᠢᠬᠤ ᠪᠤᠰᠤ᠂ ᠤᠢ ᠤᠶᠤᠨ ᠢᠶᠠᠨ ᠰᠡᠭᠡᠭᠡᠷᠡᠭᠦᠯᠬᠦ ᠪᠠᠷ ᠤᠯᠤᠯᠲᠠ  ᠲᠠᠢ ᠤᠩᠰᠢᠨ᠎ᠠ᠃ ᠶᠠᠮᠠᠷ ᠨᠢᠭᠡᠨ ᠨᠤᠮ ᠢ ᠤᠩᠰᠢᠪᠠᠯ ᠡᠷᠬᠡᠪᠰᠢ ᠶᠠᠭᠤ ᠨᠢᠭᠡ ᠶᠢ ᠤᠯᠬᠤ ᠬᠡᠷᠡᠭᠲᠡᠢ᠃ ᠶᠠᠭᠤ ᠴᠦ ᠤᠯᠬᠤ ᠦᠭᠡᠢ ᠤᠩᠰᠢᠯᠭ᠎ᠠ ᠪᠤᠯ ᠴᠠᠭ ᠮᠦᠴᠡ ᠪᠠᠨ ᠰᠦᠢᠳᠬᠡᠵᠦ ᠠᠮᠢ ᠨᠠᠰᠤ ᠪᠠᠨ ᠲᠠᠯᠠᠭᠠᠷ ᠵᠠᠷᠤᠴᠠᠭᠤᠯᠤᠭᠰᠠᠨ ᠱᠠᠯ ᠳᠡᠮᠡᠢ ᠤᠩᠰᠢᠯᠭ᠎ᠠ ᠶᠣᠮ᠃ ᠨᠤᠮ ᠤᠩᠰᠢᠬᠤ ᠳᠤ ᠬᠠᠷᠠᠯᠲᠠ ᠲᠠᠢ᠂ ᠲᠦᠯᠦᠪᠯᠡᠭᠡ ᠲᠠᠢ ᠤᠩᠰᠢᠳᠠᠭ᠃ ᠦᠪᠡᠷ ᠤᠨ ᠬᠡᠷᠡᠭᠴᠡᠭᠡ ᠲᠠᠢ ᠵᠦᠢᠯ ᠢᠶᠠᠨ ᠡᠷᠢᠨ ᠤᠩᠰᠢᠨ᠎ᠠ᠃ ᠶᠠᠮᠠᠷ ᠨᠢᠭᠡᠨ ᠨᠤᠮ ᠢ ᠰᠣᠩᠭᠤᠨ ᠤᠩᠰᠢᠬᠤ ᠳᠤ ᠪᠠᠨ ︽ᠪᠢ ᠶᠠᠭᠤ ᠶᠢ ᠮᠡᠳᠡᠵᠦ᠂ ᠶᠠᠭᠤ ᠶᠢ ᠡᠷᠢᠬᠦ ᠪᠤᠢ︾ ᠭᠡᠬᠦ ᠬᠠᠷᠠᠯᠲᠠ ᠲᠠᠢ ᠪᠠᠶᠢᠬᠤ ᠬᠡᠷᠡᠭᠲᠡᠢ᠃ ᠵᠢᠱᠢᠶᠡᠯᠡᠬᠦ ᠳᠤ ︽ᠮᠤᠩᠭᠤᠯ ᠤᠨ ᠨᠢᠭᠤᠴᠠ ᠲᠤᠪᠴᠢᠶᠠᠨ︾᠎ ᠢ ᠤᠩᠰᠢᠬᠤ ᠳᠤ ᠶᠠᠭᠤ ᠶᠢ ᠮᠡᠳᠡᠬᠦ᠂ ᠶᠠᠭᠤᠨ ᠳᠤ ᠰᠤᠨᠢᠷᠬᠠᠯ ᠲᠦᠷᠦᠭᠳᠡᠭᠰᠡᠨ ᠳᠤ ᠪᠠᠨ ᠬᠠᠷᠢᠭᠤᠯᠲᠠ ᠤᠯᠬᠤ ᠬᠡᠷᠡᠭᠲᠡᠢ᠃ ᠶᠠᠮᠠᠷ ᠨᠢᠭᠡᠨ ᠨᠤᠮ ᠢ ᠤᠩᠰᠢᠬᠤ ᠳᠤ ᠠᠮᠢᠳᠤᠯᠢᠭ ᠪᠤᠳᠠᠲᠠᠢ᠂ ᠦᠷ᠎ᠡ ᠪᠦᠲᠦᠮᠵᠢ  ᠶᠢ ᠡᠷᠬᠢᠮᠯᠡᠨ᠎ᠡ᠃ ᠳᠠᠷᠤᠢ ᠦᠪᠡᠷ ᠤᠨ ᠲᠤᠰᠠᠲᠠᠢ ᠮᠡᠳᠡᠯᠭᠡ ᠪᠠᠨ ᠤᠯᠬᠤ ᠪᠤᠯᠤᠨ᠎ᠠ᠃ ᠨᠤᠮ ᠤᠩᠰᠢᠬᠤ ᠳᠤ ᠪᠠᠨ ᠤᠯᠵᠤ ᠮᠡᠳᠡᠭᠰᠡᠨ᠂ ᠪᠠᠭ᠋ᠠᠷᠬᠠᠵᠤ ᠲᠠᠭᠠᠰᠢᠶᠠᠭᠰᠠᠨ ᠦᠭᠡ ᠪᠠᠳᠠᠭ᠂ ᠦᠯᠢᠭᠡᠷ ᠢ ᠲᠤᠪᠴᠢᠯᠠᠨ ᠲᠡᠮᠳᠡᠭᠯᠡᠪᠡᠯ ᠤᠯᠠᠮ ᠰᠠᠶᠢᠨ ᠤᠯᠤᠯᠲᠠ ᠲᠠᠢ ᠪᠠᠶᠢᠳᠠᠭ᠃ ᠦᠭᠡᠰ ᠤᠨ ᠰᠠᠩ ᠪᠠᠶᠠᠯᠢᠭ᠂ ᠨᠠᠶᠢᠷᠠᠭᠤᠯᠭ᠎ᠠ ᠰᠠᠶᠢᠨ᠂ ᠦᠭᠡ ᠨᠢ ᠬᠤᠷᠴᠠ ᠢᠳᠡᠯᠢᠭ᠂ ᠠᠭᠤᠯᠭ᠎ᠠ ᠨᠢ ᠪᠤᠯᠪᠠᠰᠤᠨ ᠨᠤᠮ ᠢ ᠰᠤᠩᠭᠤᠨ ᠤᠩᠰᠢᠨ᠎ᠠ᠃ ︽ᠨᠠᠴᠤᠭᠳᠤᠷᠵᠢ︾ ᠭᠡᠬᠦ ᠨᠤᠮ ᠢ ᠤᠩᠰᠢᠬᠤ ᠳᠤ ᠬᠡᠯᠡ ᠶᠢ ᠬᠤᠷᠴᠠᠯᠠᠨ ᠪᠤᠳᠤᠯ ᠢ ᠠᠭᠤᠵᠢᠷᠠᠭᠤᠯᠳᠠᠭ ᠤᠯᠠᠨ ᠰᠠᠶᠢᠬᠠᠨ ᠢᠷᠠᠭᠤ ᠤᠶᠠᠩᠭ᠎ᠠ ᠲᠠᠢ ᠦᠭᠡᠰ ᠢ ᠰᠤᠨᠢᠷᠬᠠᠳᠠᠭ᠃ ᠠᠵᠢᠯ ᠳᠤ ᠪᠠᠨ ᠬᠢᠨᠠᠯᠲᠠ ᠬᠠᠪᠰᠤᠷᠤᠮᠵᠢ ᠪᠤᠯᠭᠠᠵᠤ᠂ ᠴᠠᠭ ᠢᠶᠠᠨ ᠠᠷᠪᠢᠯᠠᠨ᠂ ᠬᠡᠷᠡᠭᠴᠡᠭᠡ ᠪᠠᠨ ᠬᠠᠩᠭᠠᠨ᠎ᠠ᠃ ᠲᠡᠳᠡᠭᠡᠷ ᠨᠤᠮ ᠢ ᠪᠠᠭ᠋ᠠᠷᠬᠠᠨ ᠤᠩᠰᠢᠵᠤ᠂ ᠰᠡᠳᠬᠢᠯ ᠰᠠᠨᠠᠭ᠎ᠠ ᠪᠠᠨ ᠲᠡᠵᠢᠭᠡᠨ ᠪᠢᠯᠢᠭ  ᠤᠨ ᠰᠢᠮ᠎ᠡ ᠬᠦᠷᠲᠡᠳᠡᠭ᠃ ᠰᠠᠶᠢᠨ ᠨᠤᠮ ᠢ ᠤᠩᠰᠢᠬᠤ ᠨᠢ᠄ ᠰᠡᠳᠬᠢᠯ ᠤᠨ ᠰᠢᠮ᠎ᠡ ᠲᠡᠵᠢᠭᠡᠯ ᠬᠠᠩᠭᠠᠵᠤ᠂ ᠤᠢ ᠤᠶᠤᠨ ᠢ ᠰᠡᠭᠡᠭᠡᠷᠡᠭᠦᠯᠦᠨ᠎ᠡ᠃ ᠨᠤᠮ ᠤᠩᠰᠢᠪᠠᠯ ᠬᠦᠮᠦᠨ ᠤ ᠰᠡᠳᠬᠢᠯ ᠰᠠᠨᠠᠭ᠎ᠠ ᠪᠠᠶᠠᠰᠤᠩᠭᠤᠢ᠂ ᠠᠮᠢᠳᠤᠷᠠᠯ ᠤᠨ ᠤᠴᠢᠷ ᠶᠤᠰᠤ ᠶᠢ ᠭᠦᠨ ᠤᠶᠢᠯᠠᠭᠠᠳᠠᠭ᠃ ᠠᠵᠢᠯ ᠦᠢᠯᠡᠰ ᠲᠤ ᠳᠡᠮ ᠪᠤᠯᠵᠤ᠂ ᠴᠤᠭ ᠰᠦᠯᠳᠡ ᠶᠢ ᠨᠡᠮᠡᠭᠳᠡᠭᠦᠯᠦᠨ᠎ᠡ᠃ ᠨᠤᠮ ᠣᠩᠰᠢᠬᠤ ᠨᠢ ᠶᠠᠮᠠᠷ ᠨᠢᠭᠡᠨ ᠠᠵᠢᠯ ᠬᠢᠬᠦ ᠳᠤ ᠵᠦᠪ ᠲᠠᠯ᠎ᠠ ᠶᠢᠨ ᠵᠢᠯᠤᠭᠤᠳᠤᠮᠵᠢ ᠪᠤᠯᠵᠤ᠂ ᠢᠲᠡᠭᠡᠯ ᠵᠤᠷᠢᠭ  ᠲᠠᠢ ᠪᠤᠯᠳᠠᠭ᠃ ᠬᠦᠮᠦᠨ ᠢ ᠵᠦᠪ ᠰᠠᠶᠢᠬᠠᠨ ᠶᠢᠷᠲᠢᠨᠴᠦ ᠲᠡᠶᠢᠰᠢ ᠵᠢᠯᠤᠭᠤᠳᠤᠨ᠎ᠠ᠃ ᠰᠠᠶᠢᠬᠠᠨ ᠨᠤᠮ ᠢ ᠤᠩᠰᠢᠪᠠᠯ ᠦᠵᠡᠯ ᠪᠤᠳᠤᠯ ᠵᠦᠪ ᠪᠤᠯᠵᠤ᠂ ᠦᠪᠡᠷ ᠤᠨ ᠰᠠᠶᠢᠨ ᠰᠠᠶᠢᠬᠠᠨ ᠬᠦᠭᠡᠭᠡᠴᠡᠯᠳᠦᠯ ᠳᠤ ᠪᠠᠨ ᠮᠡᠷᠡᠶᠢᠨ᠎ᠡ᠃ ᠬᠦᠮᠦᠨ ᠴᠢᠨᠠᠷ ᠢ ᠳᠠᠪᠲᠠᠨ ᠪᠤᠯᠪᠠᠰᠤᠷᠠᠭᠤᠯᠤᠨ᠎ᠠ᠃ ᠰᠠᠶᠢᠨ ᠨᠤᠮ ᠤᠩᠰᠢᠪᠠᠯ ᠦᠪᠡᠷ ᠤᠨ ᠰᠠᠨᠠᠭ᠎ᠠ ᠰᠡᠳᠬᠢᠯ ᠢᠶᠠᠨ ᠵᠠᠰᠠᠵᠤ᠂ ᠵᠦᠪ ᠵᠠᠮ ᠢ ᠡᠷᠬᠢᠮᠯᠡᠵᠦ᠂ ᠣᠤᠭᠠᠯ ᠰᠠᠶᠢᠬᠠᠨ ᠵᠠᠩᠰᠢᠯ ᠢᠶᠠᠨ ᠪᠠᠷᠢᠮᠲᠠᠯᠠᠵᠤ ᠴᠢᠳᠠᠨ᠎ᠠ᠃ ᠵᠤᠬᠢᠶᠠᠨ ᠪᠢᠴᠢᠬᠦ ᠤᠷᠮᠠᠰ ᠢ ᠬᠦᠭᠵᠢᠭᠡᠨ᠎ᠡ᠃ ᠰᠠᠶᠢᠨ ᠨᠤᠮ ᠢ ᠤᠩᠰᠢᠪᠠᠯ ᠦᠪᠡᠷ ᠤᠨ ᠡᠷᠬᠡ ᠦᠭᠡᠢ ᠤᠷᠮ᠎ᠠ ᠪᠠᠬ᠎ᠠ ᠲᠦᠷᠦᠭᠳᠡᠨ᠂ ᠦᠪᠡᠷ ᠢᠶᠠᠨ ᠵᠤᠬᠢᠶᠠᠨ ᠪᠢᠴᠢᠶ᠎ᠡ ᠬᠡᠬᠦ ᠰᠠᠨᠠᠭ᠎ᠠ ᠪᠤᠳᠤᠯ ᠤᠷᠭᠤᠳᠠᠭ᠃ ᠵᠤᠬᠢᠶᠠᠨ ᠪᠢᠴᠢᠬᠦ ᠪᠢᠷ ᠢ ᠬᠤᠷᠴᠠᠯᠠᠨ᠎ᠠ᠃ ᠰᠠᠶᠢᠨ ᠨᠤᠮ ᠢ ᠤᠩᠰᠢᠪᠠᠯ ᠦᠭᠡ ᠪᠠᠶᠠᠯᠢᠭᠵᠢᠨ᠂ ᠬᠡᠯᠡ ᠤᠷᠠᠯᠢᠭ ᠪᠤᠯᠵᠤ᠂ ᠣᠤᠭᠠᠯ ᠶᠤᠰᠤ ᠵᠠᠩᠰᠢᠯ ᠢᠶᠠᠨ ᠰᠡᠭᠡᠭᠡᠷᠡᠵᠦ ᠵᠤᠬᠢᠶᠠᠨ ᠪᠢᠴᠢᠬᠦ ᠳᠤ ᠬᠦᠴᠦ ᠲᠠᠮᠢᠷ ᠲᠠᠢ ᠪᠤᠯᠳᠠᠭ᠃ ᠰᠡᠳᠬᠢᠨ ᠪᠤᠳᠤᠬᠤ ᠴᠢᠳᠠᠪᠤᠷᠢ ᠎ ᠶᠢ ᠨᠡᠮᠡᠭᠳᠡᠭᠦᠯᠦᠨ᠎ᠡ᠃ ᠰᠠᠶᠢᠨ ᠨᠤᠮ ᠢ ᠤᠩᠰᠢᠪᠠᠯ ᠬᠡᠯᠡ ᠬᠡᠯᠡᠯᠭᠡ ᠰᠠᠶᠢᠵᠢᠷᠠᠨ ᠰᠡᠳᠬᠢᠮᠵᠢᠯᠡᠨ ᠪᠤᠳᠤᠬᠤ ᠬᠡᠪᠴᠢᠶ᠎ᠡ ᠦᠷᠭᠡᠳᠴᠦ᠂ ᠪᠤᠰᠤᠳ ᠤᠨ ᠲᠤᠰᠬᠠᠯ ᠠᠴᠠ ᠦᠪᠡᠷ ᠤᠨ ᠢᠶᠠᠨ ᠬᠠᠷᠠᠯᠲᠠ ᠪᠠᠨ ᠤᠯᠳᠠᠭ᠃ ᠨᠤᠮ ᠪᠢᠴᠢᠭ ᠪᠤᠯ ᠤᠯᠳᠠᠰᠢ ᠦᠭᠡᠢ ᠶᠡᠭᠡ ᠰᠤᠷᠭᠠᠭᠤᠯᠢ ᠶᠤᠮ᠃ ᠨᠤᠮ ᠣᠩᠰᠢᠪᠠᠯ ᠤᠯᠠᠨ ᠵᠦᠢᠯ ᠤᠨ ᠮᠡᠳᠡᠯᠭᠡ ᠰᠤᠷᠴᠤ᠂ ᠪᠤᠰᠤᠳ ᠠᠴᠠ ᠤᠯᠵᠤ ᠮᠡᠳᠡᠬᠦ ᠦᠭᠡᠢ ᠵᠦᠢᠯᠡᠰ ᠢᠶᠠᠨ ᠮᠡᠳᠡᠵᠦ ᠰᠡᠭᠡᠭᠡᠷᠡᠳᠡᠭ᠃ ᠨᠤᠮ ᠪᠢᠴᠢᠭ ᠪᠤᠯ ᠰᠠᠶᠢᠨ ᠪᠠᠭᠰᠢ ᠶᠤᠮ᠃ ᠨᠤᠮ ᠤᠨ ᠣᠳᠬ᠎ᠠ ᠠᠭᠤᠯᠭ᠎ᠠ᠂ ᠵᠤᠬᠢᠶᠠᠮᠵᠢ ᠨᠠᠶᠢᠷᠠᠭᠤᠯᠭ᠎ᠠ᠂ ᠬᠡᠯᠡ ᠶᠠᠷᠢᠶ᠎ᠠ᠂ ᠵᠠᠩ ᠠᠷᠠᠨᠰᠢᠨ ᠵᠡᠷᠭᠡ ᠨᠢ ᠦᠪᠡᠷ ᠤᠨ ᠮᠡᠳᠡᠬᠦ ᠦᠭᠡᠢ ᠵᠦᠢᠯ ᠢᠶᠠᠨ ᠨᠦᠬᠦᠪᠦᠷᠢᠯᠡᠬᠦ ᠦᠭᠡ ᠳᠠᠭᠤᠨ ᠦᠭᠡᠢ ᠰᠠᠶᠢᠨ ᠪᠠᠭᠰᠢ ᠶᠤᠮ᠃ ᠤᠶᠤᠨ ᠢ ᠰᠡᠭᠡᠭᠡᠷᠡᠭᠦᠯᠦᠨ ᠪᠢᠯᠢᠭ ᠢ ᠨᠡᠬᠡᠭᠡᠭᠳᠡᠭᠦᠯᠬᠦ᠂ ᠤᠷᠮ᠎ᠠ ᠶᠢ ᠬᠦᠭᠵᠢᠭᠡᠨ ᠵᠤᠷᠢᠭ ᠢ ᠡᠷᠴᠢᠯᠡᠬᠦ ᠰᠠᠶᠢᠨ ᠨᠤᠮ ᠢ ᠤᠯᠬᠤ ᠶᠢᠨ ᠬᠢᠷᠢ ᠪᠠᠷ ᠢᠯᠡᠭᠦᠦ ᠤᠩᠰᠢᠵᠤ᠂ ᠰᠠᠶᠢᠨ ᠨᠤᠮ ᠢ ᠢᠯᠡᠭᠦᠦ ᠬᠢᠮᠠᠭᠠᠳᠠᠵᠤ ᠶᠠᠪᠤᠨ᠎ᠠ᠃ ︽ᠮᠦᠩᠭᠦ ᠲᠠᠢ ᠪᠠᠶᠠᠨ ᠠᠴᠠ ᠨᠤᠮ ᠲᠠᠢ ᠪᠠᠶᠠᠨ︾ ᠭᠡᠬᠦ ᠦᠭᠡ ᠲᠦᠮᠡᠨ ᠵᠦᠪ᠃ ︽ᠨᠤᠮ ᠢ ᠬᠠᠳᠠᠭᠠᠯᠠᠬᠤ ᠠᠷᠠᠳ ᠲᠦᠮᠡᠨ ᠪᠤᠯ ᠠᠭᠤᠤ ᠶᠡᠭᠡ ᠠᠷᠠᠳ ᠲᠦᠮᠡᠨ︾ ᠭᠡᠬᠦ ᠠᠷᠠᠳ ᠤᠨ ᠵᠦᠢᠷ ᠦᠭᠡ ᠶᠢ ᠴᠡᠭᠡᠵᠢᠯᠡᠵᠦ ᠶᠠᠪᠤᠶ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号