ᠰᠥᠨᠢᠳ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷ
ᠨᠡᠶᠢᠲᠡᠯᠡᠭᠰᠡᠨ ᠴᠠᠭ᠄
2022/11/8
                                ︵38 ᠳ᠋ᠤᠭᠠᠷ ᠲᠤᠭᠠᠲᠤ )                   ᠣᠳᠣᠬᠠᠨ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠳᠡᠯᠭᠡᠷᠡᠬᠦ ᠲᠦᠭᠰᠢᠭᠦᠷᠢ ᠶᠢ ᠪᠦᠲᠦᠮᠵᠢᠲᠡᠶ ᠪᠠᠭᠤᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠬᠢᠯᠪᠠᠷ ᠪᠤᠰᠤ  ᠦᠷ᠎ᠡ ᠪᠦᠲᠦᠭᠡᠯ ᠢᠶᠠᠨ ᠪᠠᠬᠢᠵᠢᠭᠦᠯᠵᠦ᠂ ᠮᠠᠨ ᠤ ᠬᠤᠰᠢᠭᠤᠨ ᠤ ᠥᠷᠭᠡᠨ ᠣᠯᠠᠨ ᠠᠷᠠᠳ ᠲᠦᠮᠡᠨ ᠤ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠳᠤᠤᠷ᠎ᠠ ᠬᠤᠯᠪᠣᠭᠳᠠᠯ ᠪᠥᠬᠦᠶ ᠶᠠᠪᠤᠳᠠᠯ ᠢ ᠮᠡᠳᠡᠭᠳᠡᠶ᠎ᠡ᠄          ᠨᠢᠭᠡ᠂ 7 ᠡᠳᠦᠷ ᠤᠨ ᠳᠣᠲᠣᠷ᠎ᠠ ᠲᠦᠭᠰᠢᠭᠦᠷᠢ ᠶᠡᠬᠡᠲᠡᠶ ᠭᠠᠵᠠᠷ ᠣᠷᠣᠨ ᠳᠤ ᠶᠠᠪᠤᠭᠰᠠᠨ ᠥᠩᠭᠡᠷᠡᠯᠲᠡ ᠲᠠᠢ ᠮᠠᠨ ᠤ ᠬᠤᠰᠢᠭᠤᠨ ᠤ ᠬᠥᠮᠦᠰ ᠢ 7 ᠡᠳᠦᠷ ᠲᠥᠪᠯᠡᠷᠡᠭᠦᠯᠦᠨ ᠲᠤᠰᠠᠭᠠᠷᠯᠠᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ 1᠂ 2᠂ 3᠂ 5᠂ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ︔ 7 ᠡᠳᠦᠷ ᠤᠨ ᠳᠣᠲᠣᠷ᠎ᠠ ᠳᠤᠮᠳᠠ ᠵᠡᠷᠭᠡ ᠶᠢᠨ ᠠᠶᠤᠯ ᠲᠦᠭᠰᠢᠭᠦᠷᠢᠲᠡᠶ ᠣᠷᠣᠨ ᠳᠤ ᠶᠠᠪᠤᠭᠰᠠᠨ ᠦᠩᠭᠡᠷᠡᠯᠲᠡ ᠲᠠᠢ ᠮᠠᠨ ᠤ ᠬᠤᠰᠢᠭᠤᠨ ᠤ ᠬᠦᠮᠦᠰ ᠨᠢ 7 ᠡᠳᠦᠷ ᠬᠡᠷ ᠲᠡᠭᠡᠨ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ 1᠂ 4᠂ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠨ᠎ᠠ︔ ᠬᠡᠷᠪᠡ ᠬᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠨᠥᠬᠦᠴᠡᠯ ᠥᠬᠡᠶ ᠪᠣᠯ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠠ︔ ᠬᠠᠮᠢᠶᠠᠷᠤᠯᠲᠠ ᠶᠢᠨ ᠬᠤᠭᠤᠴᠠᠭ᠎ᠠ ᠶᠢ ᠮᠠᠨ ᠤ ᠬᠤᠰᠢᠭᠤᠨ ᠳᠤ ᠢᠷᠡᠭᠰᠡᠨ ᠡᠳᠦᠷ ᠠᠴᠠ ᠡᠬᠢᠯᠡᠨ ᠪᠣᠳᠣᠨ᠎ᠠ᠃        ᠬᠤᠶᠠᠷ᠂ ᠬᠥᠬᠡᠬᠤᠲᠠ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ︵ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 2022 ᠣᠨ ᠤ 116 ᠳ᠋ᠤᠭᠠᠷ ᠲᠣᠭᠠᠲᠤ ᠵᠠᠷᠯᠠᠯ ᠤᠨ ᠶᠣᠰᠣᠭᠠᠷ ᠬᠥᠬᠡᠬᠤᠲᠠ ᠠᠴᠠ ᠰᠠᠯᠬᠤ ᠨᠥᠬᠦᠴᠡᠯ ᠳᠤ ᠨᠡᠶᠢᠴᠡᠬᠦ ᠬᠥᠮᠦᠰ︶ ᠴᠥᠮ 2 ᠡᠳᠦᠷ ᠤᠨ ᠡᠮᠦᠨ᠎ᠡ ᠪᠠᠶᠢᠭ᠎ᠠ ᠰᠤᠮᠤ ᠪᠠᠯᠭᠠᠰᠤ᠂ ᠭᠠᠴᠠᠭ᠎ᠠ ︵ᠨᠡᠶᠢᠭᠡᠮ ᠲᠣᠭᠤᠷᠢᠭ︶ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠡᠭᠦᠨ ᠳᠤ ᠪᠤᠴᠠᠬᠤ ᠴᠠᠭ᠂ ᠪᠤᠴᠠᠬᠤ ᠠᠷᠭ᠎ᠠ ᠮᠠᠶ᠋ᠢᠭ ︵ᠥᠪᠡᠰᠦᠪᠡᠨ ᠵᠢᠯᠣᠭᠤᠳᠬᠤ᠂ ᠭᠠᠯᠲᠤ ᠲᠡᠷᠭᠡᠨ ᠤ ᠨᠣᠮᠧᠷ ᠵᠡᠷᠭᠡ︶ ᠢ ᠪᠠᠭᠲᠠᠭᠠᠬᠤ ᠶᠢᠨ ᠬᠠᠮᠲᠤ᠂ ᠪᠤᠴᠠᠬᠤ ᠠᠴᠠ ᠡᠮᠦᠨ᠎ᠡ 5 ᠡᠳᠦᠷ 3 ᠤᠳᠠᠭ᠎ᠠ ︵24 ᠴᠠᠭ ᠠᠯᠤᠰᠯᠠᠭᠰᠠᠨ︶ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠪᠠ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠢᠨᠠᠨ ᠬᠠᠷᠭᠤᠭᠤᠯᠵᠤ ᠪᠠᠲᠤᠯᠠᠭᠰᠠᠨ ᠭᠡᠷᠡᠴᠢ ᠮᠠᠲ᠋ᠧᠷᠢᠶᠠᠯ ︵ᠰᠠᠭᠠᠳ ᠥᠬᠡᠶ ᠨᠡᠪᠲᠡᠷᠡᠬᠦ ᠵᠠᠮ ᠤᠨ ᠭᠤᠶᠤᠴᠢᠯᠠᠯ ᠤᠨ ᠪᠢᠴᠢᠭ ᠮᠠᠲ᠋ᠧᠷᠢᠶᠠᠯ᠂ ᠨᠡᠶᠢᠭᠡᠮ ᠲᠣᠭᠤᠷᠢᠭ ᠤᠨ ᠭᠡᠷᠡᠴᠢ ᠪᠠᠷᠢᠮᠲᠠ︶ ᠢ ᠬᠠᠩᠭᠠᠬᠤ ᠬᠡᠷᠡᠭᠲᠡᠢ᠃ ᠳᠡᠭᠡᠷ᠎ᠡ ᠳᠤᠷᠠᠳᠤᠭᠰᠠᠨ ᠭᠡᠷᠡᠴᠢ ᠪᠠᠷᠢᠮᠲᠠ ᠶᠢ ᠬᠠᠩᠭᠠᠵᠤ ᠳᠡᠶᠢᠯᠬᠦ ᠦᠬᠡᠢ ᠪᠤᠯ ᠦᠪᠡᠷᠳᠡᠬᠡᠨ ᠳᠤᠷ᠎ᠠ ᠪᠠᠷ ᠢᠶᠠᠨ ᠪᠤᠴᠠᠵᠤ ᠢᠷᠡᠵᠤ ᠪᠤᠯᠬᠤ ᠦᠬᠡᠢ᠃ ᠮᠠᠨ ᠤ ᠬᠤᠰᠢᠭᠤᠨ ᠳᠤ ᠢᠷᠡᠭᠰᠡᠨ ᠤ ᠳᠠᠷᠠᠭ᠎ᠠ᠂ ︽7 ᠡᠳᠦᠷ ᠬᠡᠷ ᠲᠡᠭᠡᠨ ᠲᠤᠰᠠᠭᠠᠷᠯᠠᠬᠤ + 3 ᠡᠳᠦᠷ ᠬᠡᠷ ᠲᠡᠭᠡᠨ ᠰᠠᠭᠤᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠬᠤᠭᠤᠴᠠᠭᠠᠨ ᠳᠤ ᠭᠠᠳᠠᠭᠰᠢ ᠭᠠᠷᠬᠤ ᠶᠢ ᠴᠢᠩᠭ᠎ᠠ ᠴᠠᠭᠠᠵᠠᠯᠠᠨ᠂ ᠡᠨᠡ ᠬᠦ ᠬᠤᠭᠤᠴᠠᠭᠠᠨ ᠳᠤ ᠡᠳᠦᠷ ᠪᠦᠷᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠬᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠥᠬᠡᠶ ᠪᠠᠶᠢᠪᠠᠯ ᠴᠥᠮ ᠲᠥᠪᠯᠡᠷᠡᠭᠦᠯᠦᠨ ᠲᠤᠰᠠᠭᠠᠷᠯᠠᠨ᠎ᠠ ︵ᠪᠠᠶᠢᠭ᠎ᠠ ᠭᠠᠴᠠᠭ᠎ᠠ ︵ᠨᠡᠶᠢᠭᠡᠮ ᠲᠣᠭᠤᠷᠢᠭ︶ ᠠᠴᠠ ᠬᠡᠷ ᠲᠡᠭᠡᠨ ᠲᠤᠰᠠᠭᠠᠷᠯᠠᠬᠤ ᠨᠥᠬᠦᠴᠡᠯ ᠳᠤ ᠨᠡᠶᠢᠴᠡᠬᠦ ᠡᠰᠡᠬᠦ ᠶᠢ ᠤᠷᠢᠳᠴᠢᠯᠠᠨ ᠬᠢᠨᠠᠨ ᠪᠠᠶᠢᠴᠠᠭᠠᠵᠤ᠂ ᠲᠥᠪᠯᠡᠷᠡᠭᠦᠯᠦᠨ ᠲᠤᠰᠠᠭᠠᠷᠯᠠᠬᠤ ᠵᠠᠷᠤᠳᠠᠯ ᠢ ᠥᠪᠡᠰᠦᠪᠡᠨ ᠰᠢᠢᠳᠪᠤᠷᠢᠯᠡᠨ᠎ᠡ︶᠃    ᠭᠤᠷᠪᠠ᠂ 7 ᠡᠳᠦᠷ ᠤᠨ ᠳᠣᠲᠣᠷ᠎ᠠ ᠲᠤᠬᠠᠶ ᠶᠢᠨ ᠭᠠᠵᠠᠷ ᠤᠨ ᠡᠪᠡᠳᠴᠢᠨ ᠤ ᠵᠢᠱᠢᠶ᠎ᠡ ᠶᠢᠨ ᠳᠤᠤᠷ᠎ᠠ ᠠᠶᠤᠯ ᠲᠦᠭᠰᠢᠭᠦᠷᠢ ᠲᠠᠢ ᠣᠷᠣᠨ ᠪᠦᠰᠡ᠂ ᠪᠣᠭᠤᠮᠲᠠ ᠬᠤᠲᠠ ᠰᠢᠶᠠᠨ ᠵᠢᠴᠢ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠪᠤᠰᠤᠳ ᠪᠠᠶᠢᠩᠭᠤ ᠶᠢᠨ ᠣᠷᠣᠨ ᠪᠦᠰᠡ ᠠᠴᠠ ᠮᠠᠨ ᠤ ᠬᠤᠰᠢᠭᠤᠨ ᠳᠤ ᠢᠷᠡᠭᠰᠡᠨ ︵ᠪᠤᠴᠠᠵᠤ ᠢᠷᠡᠭᠰᠡᠨ︶ ᠬᠥᠮᠦᠰ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠪᠠᠷᠢᠮᠲᠠ ᠬᠠᠩᠭᠠᠵᠤ᠂ ᠮᠠᠨ ᠤ ᠬᠤᠰᠢᠭᠤᠨ ᠳᠤ ᠬᠦᠷᠦᠭᠰᠡᠨ ᠤ ᠳᠠᠷᠠᠭ᠎ᠠ᠂ ︽3 ᠡᠳᠦᠷ 2 ᠪᠠᠶᠢᠴᠠᠭᠠᠯᠲᠠ︾ ︵ᠪᠣᠳᠠᠲᠠᠶ ᠨᠠᠶᠢᠳᠠᠪᠤᠷᠢᠵᠢᠭᠤᠯᠤᠭᠰᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠪᠠᠭᠲᠠᠨ᠎ᠠ︶ ᠶᠢ ᠬᠡᠷᠡᠭᠵᠢᠭᠦᠯᠬᠦ ᠶᠢᠨ ᠬᠠᠮᠲᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠥᠮᠦᠨ ᠲᠥᠪᠯᠡᠷᠡᠭᠰᠡᠨ ᠲᠠᠯᠠᠪᠤᠷ ᠭᠠᠵᠠᠷ ᠲᠤ ᠣᠴᠢᠬᠤ ᠥᠬᠡᠶ᠂ ᠴᠤᠭᠯᠠᠷᠠᠬᠤ ᠠᠵᠢᠯᠯᠠᠭ᠎ᠠ ᠳᠤ ᠣᠷᠣᠯᠴᠠᠬᠤ ᠥᠬᠡᠶ ᠪᠠᠶᠢᠬᠤ ᠶᠢ ᠰᠠᠨᠠᠭᠠᠴᠢᠯᠠᠨ᠎ᠠ᠃    ᠳᠥᠷᠪᠡ᠂ ︽ᠨᠢᠭᠡ ᠲᠠᠯᠠᠪᠤᠷ ᠬᠤᠶᠠᠷ ᠥᠷᠲᠡᠭᠡ︾᠂ ᠵᠠᠮ ᠬᠠᠷᠢᠯᠴᠠᠭᠠᠨ ᠤ ᠪᠠᠶᠢᠴᠠᠭᠠᠬᠤ ᠴᠡᠭ ᠳᠡᠭᠡᠷ᠎ᠡ ᠨᠢᠭᠡᠳᠦᠭᠡᠷ ᠲᠤᠰᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠣᠷᠣᠵᠤ ᠢᠷᠡᠬᠦ ᠬᠥᠮᠦᠰ ᠤᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠪᠣᠯᠤᠨ ᠬᠤᠯᠪᠣᠭᠳᠠᠯ ᠪᠥᠬᠦᠶ ᠬᠥᠮᠦᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠶᠢ ᠴᠢᠩᠭ᠎ᠠ ᠪᠠᠶᠢᠴᠠᠭᠠᠨ ᠰᠢᠯᠭᠠᠵᠤ᠂ ᠨᠢᠭᠡ ᠲᠡᠷᠭᠡ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃    ᠲᠠᠪᠤ᠂ ᠠᠶᠠᠯᠠᠯ ᠤᠨ ᠵᠠᠮ ᠮᠦᠷ ᠢᠶᠠᠨ ᠵᠣᠷᠢᠭᠤᠳᠠ ᠨᠢᠭᠤᠵᠤ᠂ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠱᠠᠭᠠᠷᠳᠠᠯᠭ᠎ᠠ ᠶᠣᠰᠣᠭᠠᠷ ᠮᠡᠳᠡᠭᠦᠯᠦᠨ ᠳᠠᠩᠰᠠᠯᠠᠭᠤᠯᠤᠭᠰᠠᠨ ᠥᠬᠡᠶ ᠪᠤᠶᠤ ᠬᠠᠮᠵᠢᠯᠴᠠᠬᠤ ᠦᠬᠡᠢ ᠠᠴᠠ ᠪᠣᠯᠵᠣ ᠬᠢᠵᠢᠭ ᠳᠡᠯᠭᠡᠷᠡᠭᠰᠡᠨ ᠪᠠᠶᠢᠪᠠᠯ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃    ᠵᠢᠷᠭᠤᠭ᠎ᠠ᠂ ᠥᠷᠭᠡᠨ ᠣᠯᠠᠨ ᠰᠠᠭᠤᠭᠠᠯᠢ ᠠᠷᠠᠳ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢᠶᠠᠨ ᠳᠡᠭᠡᠭᠰᠢᠯᠡᠭᠦᠯᠦᠨ᠂ ᠡᠷᠡᠭᠦᠯ ᠮᠡᠨᠳᠦ ᠨᠢᠭᠡᠳᠦᠭᠡᠷ ᠲᠤ ᠪᠠᠶᠢᠬᠤ ᠣᠶᠢᠯᠠᠭᠠᠭᠳᠠᠬᠤᠨ ᠢ ᠴᠢᠩᠭᠠᠳᠬᠠᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠬᠢᠬᠦ ᠂ ᠠᠶᠠᠯᠠᠯ ᠢᠶᠠᠨ ᠮᠡᠳᠡᠭᠦᠯᠦᠨ ᠳᠠᠩᠰᠠᠯᠠᠭᠤᠯᠬᠤ᠂ ᠺᠣᠳ᠋ ᠰᠢᠷᠪᠢᠵᠦ ᠲᠡᠮᠳᠡᠭᠯᠡᠬᠦ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠬᠡᠳᠤ ᠶᠡᠭᠡ ᠴᠤᠭᠯᠠᠷᠠᠬᠤ ᠠᠴᠠ ᠪᠤᠯᠭᠤᠮᠵᠢᠯᠠᠬᠤ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠯᠪᠠᠷ ᠪᠤᠰᠤ ᠦᠷ᠎ᠡ ᠪᠦᠲᠦᠭᠡᠯ ᠢᠶᠠᠨ ᠰᠠᠬᠢᠨ ᠬᠠᠮᠠᠭᠠᠯᠠᠬᠤ ᠬᠡᠷᠡᠭᠲᠡᠶ᠃     ᠲᠤᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠨᠢ ᠬᠢᠵᠢᠭ ᠤᠨ ᠪᠠᠶᠢᠳᠠᠯ ᠪᠣᠯᠤᠨ ᠬᠢᠵᠢᠭ ᠢ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠡ᠃
 
ᠢᠷᠡᠯᠲᠡ᠄ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵ᠊
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号