ᠭᠠᠯ ᠤᠨᠲᠠᠷᠠᠭᠠᠭᠴᠢ ᠸᠠᠩ ᠳ᠋ᠦᠸᠧ
ᠨᠡᠶᠢᠲᠡᠯᠡᠭᠰᠡᠨ ᠴᠠᠭ᠄
2022/6/13
        ᠸᠠᠩ ᠳ᠋ᠦᠸᠧ1992 ᠣᠨ ᠳᠤ ᠳᠦᠷᠦᠵᠦ᠂ 2014 ᠣᠨ ᠳᠤ ᠴᠡᠷᠢᠭ ᠲᠤ ᠡᠯᠰᠡᠭᠳᠡᠨ ᠠᠵᠢᠯ ᠳᠤ ᠤᠷᠤᠭᠰᠠᠨ ᠠᠴᠠ ᠨᠠᠭᠠᠰᠢ᠂ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠬᠤᠶᠠᠷ ᠤᠳᠠᠭ᠎ᠠ᠂ ᠶᠡᠷᠦᠩᠬᠡᠶ ᠠᠩᠭᠢ ᠶᠢᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠨᠢᠭᠡ ᠤᠳᠠᠭ᠎ᠠ᠂ 2020 ᠣᠨ ᠳᠤ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠯᠢ ᠶᠢᠨ ᠭᠤᠤᠯ ᠠᠶᠢᠮᠠᠭ ᠤᠨ ᠬᠤᠷᠢᠶᠠᠨ ᠤ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠬᠠᠪᠰᠤᠷᠤᠨ ᠵᠢᠯᠣᠭᠤᠳᠣᠭᠴᠢ ᠪᠠᠷ ᠦᠨᠡᠯᠡᠭᠳᠡᠪᠡ᠃ ᠴᠠᠭ ᠤᠨ ᠠᠶᠠᠰ ᠢᠶᠠᠷ ᠸᠠᠩ ᠳ᠋ᠦᠸᠧ ᠨᠢᠭᠡ ᠡᠩ ᠤᠨ ᠪᠠᠶᠢᠯᠳᠤᠭᠴᠢ  ᠪᠠᠶᠢᠭᠰᠠᠨ ᠠᠴᠠ ᠪᠠᠨ ᠰᠢᠯᠢᠳᠡᠭ ᠵᠢᠯᠤᠭᠤᠳᠤᠭᠴᠢ ᠪᠤᠯᠤᠭᠰᠠᠨ ᠪᠠᠶᠢᠨ᠎ᠠ᠃        ᠮᠠᠨ ᠤ ᠬᠤᠰᠢᠭᠤᠨ ᠤ  ᠪᠤᠯᠠᠭ ᠵᠠᠮ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡᠨ ᠤ ᠤᠯᠤᠰ ᠲᠦᠷᠦ ᠶᠢᠨ ᠵᠢᠭᠠᠨ ᠵᠢᠯᠤᠭᠤᠳᠤᠬᠴᠢ ᠸᠠᠩ ᠳ᠋ᠦᠸᠧ ᠦᠪᠡᠷ ᠤᠨ ᠪᠤᠲᠠᠲᠤ ᠦᠢᠯᠡ ᠠᠵᠢᠯᠯᠠᠭ᠎ᠠ ᠪᠠᠷ ᠢᠶᠠᠨ ᠠᠷᠠᠳ ᠲᠦᠮᠡᠨ ᠢ ᠭᠠᠯ ᠤᠰᠤᠨ ᠤ ᠠᠶᠤᠯ ᠲᠦᠭᠰᠢᠭᠦᠷᠢ ᠠᠴᠠ ᠠᠪᠤᠷᠠᠨ᠂ ᠠᠷᠠᠳ ᠲᠦᠮᠡᠨ ᠳᠤ ᠬᠤᠪᠢ ᠨᠡᠮᠡᠷᠢ ᠦᠵᠡᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠦ ᠴᠢᠳᠠᠭᠰᠠᠨ ᠪᠠᠶᠢᠨ᠎ᠠ᠃ ᠸᠠᠩ ᠳ᠋ᠦᠸᠧ ᠤᠷᠢᠳ ᠬᠤᠵᠢᠳ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠶᠢᠯᠳᠤᠭᠠᠨ ᠳᠤ 300 ᠭᠠᠷᠤᠢ ᠤᠳᠠᠭ᠎ᠠ ᠣᠷᠣᠯᠴᠠᠵᠤ᠂ ᠭᠠᠯ ᠤᠨ ᠠᠶᠤᠯ ᠳᠤ ᠬᠠᠰᠢᠭᠳᠠᠭᠰᠠᠨ ᠠᠷᠠᠳ ᠢ 100 ᠭᠠᠷᠤᠢ ᠤᠳᠠᠭ᠎ᠠ ᠠᠪᠤᠷᠠᠵᠤ᠂ ᠤᠯᠤᠰ ᠪᠣᠯᠤᠨ ᠠᠷᠠᠳ ᠲᠦᠮᠡᠨ  ᠤ 500 ᠭᠠᠷᠤᠢ ᠲᠦᠮᠡᠨ ᠲᠥᠭᠦᠷᠢᠭ ᠤᠨ ᠠᠵᠤ ᠠᠬᠤᠢ ᠡᠳ᠋ ᠬᠦᠷᠤᠩᠬᠡ ᠶᠢᠨ ᠬᠤᠬᠢᠷᠠᠯ ᠢ ᠡᠭᠡᠭᠦᠯᠦᠨ ᠠᠪᠴᠢᠷᠠᠵᠤ ᠥᠭᠴᠡᠢ᠃ ᠲᠡᠷᠡ ᠠᠯᠢ ᠴᠤ ᠤᠳᠠᠭ᠎ᠠ ᠬᠦᠴᠢᠷ ᠪᠡᠷᠬᠡ ᠠᠴᠠ ᠬᠤᠶᠢᠰᠢ ᠰᠠᠭᠤᠭ᠎ᠠ ᠦᠭᠡᠢ ᠮᠥᠷᠲᠡᠭᠡᠨ ᠤᠯᠠᠨ ᠤᠯᠠᠨ ᠠᠷᠠᠳ ᠲᠦᠮᠡᠨ ᠢ ᠠᠮᠢ ᠨᠠᠰᠤᠨ ᠤ ᠠᠶᠤᠯ ᠲᠦᠭᠰᠢᠭᠦᠷᠢ ᠠᠴᠠ ᠠᠪᠤᠷᠠᠨ ᠲᠤᠰᠠᠯᠠᠵᠤ᠂ ᠤᠳᠠᠭ᠎ᠠ ᠳᠠᠷᠠᠭᠠᠯᠠᠨ ᠠᠶᠤᠯ ᠲᠦᠭᠰᠢᠭᠦᠷᠢ ᠲᠠᠢ ᠨᠢᠭᠤᠷ ᠲᠤᠯᠭᠠᠷᠠᠵᠤ᠂ ᠦᠬᠦᠵᠦ ᠰᠡᠬᠡᠬᠦ ᠪᠠᠨ ᠬᠠᠶᠢᠬᠤᠷᠤᠯ ᠦᠭᠡᠢ ᠲᠡᠮᠡᠴᠡᠭᠰᠡᠭᠡᠷ ᠢᠷᠡᠵᠡᠢ᠃        2014 ᠣᠨ ᠳᠤ᠂ 22 ᠨᠠᠰᠤᠲᠠᠢ ᠸᠠᠩ ᠳ᠋ᠦᠸᠧ ᠰᠠᠶ᠋ᠢᠬᠠᠨ ᠴᠡᠷᠢᠭ ᠲᠤ ᠣᠷᠣᠵᠤ᠂ ᠴᠡᠷᠢᠭ ᠎ ᠲᠤ ᠤᠷᠤᠭᠰᠠᠨ ᠣᠶᠤᠲᠠᠨ ᠪᠣᠯᠤᠭᠰᠠᠨ ᠤ ᠬᠤᠪᠢ ᠳᠤ᠂ ᠲᠡᠷᠡ ᠥᠪᠡᠷ ᠤᠨ ᠬᠦᠷᠦᠯᠴᠡᠬᠦ ᠦᠭᠡᠢ ᠲᠠᠯ᠎ᠠ ᠪᠠᠨ ᠣᠶᠢᠯᠠᠭᠠᠵᠤ ᠮᠡᠳᠡᠷᠡᠨ᠂ ᠦᠨᠳᠦᠰᠦᠨ ᠪᠣᠯᠪᠠᠰᠤᠷᠠᠯ ᠠᠴᠠ ᠡᠬᠢᠯᠡᠨ᠂ ᠪᠣᠯᠪᠠᠰᠤᠷᠠᠯ ᠳᠤᠮᠳᠠ ᠪᠡᠶ᠎ᠡ ᠪᠠᠷ ᠢᠶᠠᠨ ᠬᠡᠪ ᠳᠠᠭᠤᠷᠢᠶᠠᠯ ᠦᠵᠡᠭᠦᠯᠵᠦ᠂ ᠭᠠᠯ ᠤᠨᠲᠠᠷᠠᠭᠠᠬᠤ ᠦᠷᠳᠡᠭᠡ ᠶᠢᠨ ᠠᠵᠢᠯ ᠤᠨ ᠴᠢᠳᠠᠪᠤᠷᠢ ᠪᠣᠯᠤᠨ ᠪᠣᠯᠪᠠᠰᠤᠷᠠᠯ ᠤᠨ ᠠᠵᠢᠯ ᠢ ᠴᠢᠩᠭ᠎ᠠ ᠠᠳᠬᠤᠵᠤ᠂ 2020᠂ 2021 ᠣᠨ ᠎ ᠳᠤ ᠭᠠᠯ ᠤᠨᠲᠠᠷᠠᠭᠠᠬᠤ ᠦᠷᠳᠡᠭᠡ ᠶᠢᠨ ᠲᠤᠬᠠᠶᠢᠯᠠᠭᠰᠠᠨ ᠠᠵᠢᠯ ᠤᠨ ᠬᠢᠷᠢ ᠪᠦᠲᠦᠮᠵᠢ ᠪᠦᠬᠦ ᠠᠶᠢᠮᠠᠭ ᠤᠨ ᠡᠮᠦᠨ᠎ᠡ ᠡᠩᠨᠡᠭᠡᠨ ᠳᠤ ᠵᠢᠭᠰᠠᠭᠠᠭᠳᠠᠪᠠ᠃        ᠰᠢᠨ᠎ᠡ ᠪᠠᠶᠢᠳᠠᠯ ᠳᠣᠣᠷᠠᠬᠢ ᠡᠩᠨᠡᠭᠡ ᠶᠢᠨ ᠬᠠᠮᠢᠶᠠᠷᠤᠯᠲᠠ ᠪᠣᠯᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠤᠨ ᠬᠡᠷᠡᠭᠴᠡᠭᠡ ᠳᠤ ᠵᠤᠬᠢᠴᠠᠭᠤᠯᠵᠤ᠂ ᠸᠠᠩ ᠳ᠋ᠦᠸᠧ ᠪᠤᠳᠤᠯ ᠰᠡᠳᠬᠢᠴᠡ ᠪᠠᠨ ᠢᠳᠡᠪᠬᠢᠲᠡᠢ ᠰᠢᠨᠡᠴᠢᠯᠡᠵᠦ᠂ ᠴᠡᠷᠢᠭ ᠪᠣᠯᠪᠠᠰᠤᠷᠠᠭᠤᠯᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠲᠤᠭᠲᠠᠭᠠᠵᠤ᠂ ᠬᠠᠷᠢᠶ᠎ᠠ ᠣᠷᠣᠨ ᠤ ᠭᠤᠣᠯᠳᠠᠯᠭ᠎ᠠ ᠲᠠᠢ ᠨᠢᠭᠡᠴᠢ ᠳᠤ ᠭᠦᠨᠵᠡᠭᠡᠶᠢᠷᠡᠨ 23 ᠤᠳᠠᠭ᠎ᠠ ᠭᠠᠯ ᠤᠨᠲᠠᠷᠠᠭᠠᠬᠤ ᠰᠣᠷᠢᠯᠲᠠ ᠬᠢᠵᠦ᠂ ᠬᠠᠷᠢᠶ᠎ᠠ ᠣᠷᠣᠨ ᠤ ᠤᠯᠠᠨ ᠲᠦᠮᠡᠨ ᠤ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠶᠡᠬᠡᠪᠡᠷ ᠳᠡᠭᠡᠭᠰᠢᠯᠡᠭᠦᠯᠵᠦ᠂ ᠬᠥᠮᠦᠨ ᠬᠠᠷ᠎ᠠ ᠶᠢᠨ ᠦᠬᠦᠯ ᠰᠢᠷᠬᠠᠲᠤᠯ ᠪᠣᠯᠤᠨ ᠡᠳ᠋ ᠬᠦᠷᠦᠩᠭᠡ ᠶᠢᠨ ᠬᠤᠬᠢᠷᠠᠯ ᠢ ᠪᠠᠭᠠᠰᠬᠠᠪᠠ᠃ 2021 ᠣᠨ ᠠᠴᠠ ᠨᠠᠭᠠᠰᠢ ᠲᠡᠷᠡ ᠨᠡᠶᠢᠭᠡᠮ ᠲᠣᠭᠤᠷᠢᠭ᠂ ᠰᠤᠷᠭᠠᠭᠤᠯᠢ ᠪᠠ ᠨᠠᠰᠤᠲᠠᠨ ᠢ ᠠᠰᠠᠷᠠᠬᠤ ᠬᠦᠷᠢᠶᠡᠯᠡᠩ ᠳᠤ ᠭᠦᠨᠵᠡᠭᠡᠶᠢᠷᠡᠨ ᠡᠯ᠎ᠡ ᠲᠥᠷᠥᠯ ᠤᠨ ᠬᠠᠪᠰᠤᠷᠤᠨ ᠲᠡᠳᠬᠦᠬᠦ ᠠᠵᠢᠯᠯᠠᠭ᠎ᠠ ᠶᠢ 20 ᠭᠠᠷᠤᠶ ᠤᠳᠠᠭ᠎ᠠ ᠥᠷᠨᠢᠭᠦᠯᠵᠦ᠂ ᠡᠯ᠎ᠡ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ 30 ᠭᠠᠷᠤᠶ ᠤᠳᠠᠭ᠎ᠠ ᠵᠣᠬᠢᠶᠠᠨ ᠪᠠᠶᠢᠭᠤᠯᠵᠤ᠂ ᠡᠯ᠎ᠡ ᠪᠠᠶᠢᠴᠠᠭᠠᠯᠲᠠ ᠶᠢᠨ ᠴᠡᠭ ᠲᠤ 20 ᠭᠠᠷᠤᠶ ᠲᠣᠨ ᠤᠰᠤ ᠬᠦᠷᠭᠡᠵᠦ᠂ 20 ᠤᠳᠠᠭ᠎ᠠ ᠠᠮᠤᠷ ᠲᠦᠪᠰᠢᠨ ᠤ ᠲᠤᠬᠠᠶ ᠤᠬᠠᠭᠤᠯᠤᠨ ᠲᠠᠶᠢᠯᠪᠤᠷᠢᠯᠠᠵᠤ᠂ ᠭᠠᠯ ᠤᠨᠲᠠᠷᠠᠭᠠᠬᠤ ᠥᠷᠲᠡᠭᠡ ᠶᠢ ᠳᠠᠭᠠᠭᠤᠯᠤᠨ ᠬᠢᠵᠢᠭ ᠤᠨ ᠬᠤᠭᠤᠴᠠᠭᠠᠨ ᠳᠤ 1.5 ᠲᠦᠮᠡ ᠭᠠᠷᠤᠶ ᠲᠥᠭᠦᠷᠢᠭ ᠬᠠᠨᠳᠢᠪᠯᠠᠵᠤ᠂ ᠡᠯ᠎ᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠬᠠᠪᠰᠤᠷᠤᠨ ᠲᠡᠳᠬᠦᠬᠦ ᠠᠵᠢᠯᠯᠠᠭ᠎ᠠ ᠳᠤ ᠢᠳᠡᠪᠬᠢᠲᠠᠢ ᠤᠷᠤᠯᠴᠠᠭᠰᠠᠭᠠᠷ ᠢᠷᠡᠪᠡ᠃        ᠸᠠᠩ ᠳ᠋ᠦᠸᠧ ᠪᠤᠲᠠᠲᠤ ᠠᠵᠢᠯᠯᠠᠭ᠎ᠠ ᠪᠠᠷ ᠢᠶᠠᠨ ᠢᠮᠠᠭᠲᠠ ᠡᠮᠦᠨ᠎ᠡ ᠹᠷᠣᠨᠲ ᠲᠤ ᠭᠠᠪᠰᠢᠭᠠᠶᠢᠯᠠᠵᠤ᠂ ᠵᠠᠯᠠᠭᠤ ᠨᠠᠰᠤ ᠪᠣᠯᠤᠨ ᠬᠠᠯᠠᠭᠤᠨ ᠴᠢᠰᠤ ᠪᠠᠷ ᠢᠶᠠᠨ ︽ᠨᠠᠮ ᠳᠠᠭᠠᠨ ᠦᠨᠡᠨᠴᠢ ᠰᠢᠳᠤᠷᠭᠤ᠂ ᠰᠠᠬᠢᠯᠭ᠎ᠠ ᠪᠠᠲᠤ ᠴᠢᠩᠭ᠎ᠠ᠂ ᠠᠶᠤᠯ ᠵᠣᠪᠠᠯᠠᠩ ᠠᠴᠠ ᠠᠶᠤᠬᠤ ᠦᠭᠡᠢ᠂ ᠠᠷᠠᠳ ᠲᠦᠮᠡᠨ ᠤ ᠲᠥᠯᠥᠭᠡ ᠴᠢᠩ ᠦᠨᠡᠨᠴᠢ ᠪᠠᠷ ᠵᠢᠳᠬᠦᠬᠦ︾ ᠪᠠᠲᠤ ᠲᠠᠩᠭᠠᠷᠢᠭ ᠢᠶᠠᠨ ᠪᠢᠴᠢᠭᠯᠡᠵᠡᠢ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号