ᠬᠤᠩᠭᠤᠷ ᠰᠤᠮᠤᠨ ᠤ ᠥᠷᠨᠢᠯᠲᠡ ᠭᠠᠴᠠᠭᠠᠨ ᠤ ᠨᠠᠮ ᠤᠨ ᠡᠭᠦᠷ ᠨᠢ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/2
        ᠵᠢᠯ ᠪᠦᠷᠢ ᠶᠢᠨ 5 ᠰᠠᠷ᠎ᠠ ᠪᠣᠯ ᠪᠦᠬᠦ ᠣᠷᠣᠨ ᠤ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠦᠭᠡᠯᠡᠨ᠂ 5 ᠰᠠᠷ᠎ᠠ ᠶᠢᠨ 30 ᠤ ᠡᠳᠦᠷ ᠥᠷᠨᠢᠯᠲᠡ ᠭᠠᠴᠠᠭᠠᠨ ᠤ ᠨᠠᠮ ᠤᠨ ᠡᠭᠦᠷ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾ ᠭᠤᠣᠯ ᠰᠡᠳᠦᠪᠲᠦ ᠨᠠᠮ ᠤᠨ ᠡᠳᠦᠷ  ᠤᠨ ᠠᠵᠢᠯᠯᠠᠭ᠎ᠠ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃        ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠪᠠ᠃ ᠪᠦᠬᠦ ᠨᠠᠮ ᠤᠨ ᠭᠡᠰᠢᠭᠦᠨ ᠭᠤᠣᠯ ᠰᠡᠳᠦᠪ ᠤᠨ ᠲᠣᠭᠤᠷᠢᠨ ᠳᠤ᠂ ᠲᠤᠰ ᠪᠡᠶ᠎ᠡ  ᠶᠢᠨ ᠪᠣᠳᠠᠲᠤ ᠪᠠᠶᠢᠳᠠᠯ ᠪᠣᠯᠤᠨ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠨᠡᠶᠢᠲᠡᠯᠢᠭ ᠳᠠᠭᠤᠷᠢᠶᠠᠯ  ᠤᠨ ᠲᠣᠭᠤᠷᠢᠨ ᠳᠤ ᠴᠢᠯᠦᠭᠡᠲᠡᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃        ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠵᠤ᠂ ᠪᠦᠬᠦ ᠨᠠᠮ ᠤᠨ ᠭᠡᠰᠢᠭᠦᠨ ᠢ ᠨᠠᠮ ᠤᠨ ᠦᠨᠳᠦᠰᠦᠲᠡᠨ ᠤ ᠤᠨᠤᠯ ᠤᠨ ᠲᠦᠷᠦ ᠶᠢᠨ ᠪᠤᠳᠤᠯᠭ᠎ᠠ ᠪᠣᠯᠤᠨ ᠡᠭᠦᠷᠭᠡ ᠬᠠᠷᠢᠭᠤᠴᠠᠯᠭ᠎ᠠ ᠳᠤ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠰᠠᠶᠢᠲᠤᠷ ᠬᠢᠬᠦ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠤᠨ᠂ ᠰᠢᠨ᠎ᠡ ᠴᠠᠭ ᠦᠶ᠎ᠡ ᠳᠤ ᠰᠢᠨ᠎ᠡ ᠠᠶᠠᠨ  ᠢᠶᠠᠨ ᠡᠬᠢᠯᠡᠭᠦᠯᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠂ ᠪᠣᠳᠠᠲᠤ ᠦᠢᠯᠡ ᠠᠵᠢᠯᠯᠠᠭ᠎ᠠ ᠪᠣᠯᠤᠨ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠠᠷ ᠴᠢᠷᠮᠠᠶᠢᠨ᠎ᠠ᠃
 
ᠢᠷᠡᠯᠲᠡ᠄ ᠬᠤᠩᠭᠤᠷ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号