ᠰᠥᠨᠢᠳ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/6/25
                           ︵2022 ᠤᠨ ᠤ 19 ᠳ᠋ᠣᠬᠡᠷ ᠲᠣᠭᠠᠲᠤ︶          ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠤᠷᠤᠨ ᠬᠤᠪᠢᠶᠠᠵᠤ ᠲᠠᠰ ᠬᠤᠪᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ ᠣᠨᠣᠪᠴᠢᠲᠠᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ  ᠶᠢ ᠬᠡᠷᠡᠭᠵᠢᠭᠦᠯᠬᠦ ᠲᠤᠬᠠᠶ ᠮᠡᠳᠡᠭᠳᠡᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵ᠵᠢᠷᠭᠤᠳᠤᠭᠠᠷ ᠬᠡᠪᠯᠡᠯ︶︾ ᠤᠨ ᠲᠣᠭᠲᠠᠭᠠᠯ ᠢ ᠦᠨᠳᠦᠰᠦᠯᠡᠨ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠬᠠᠯᠳᠠᠪᠤᠷᠢᠲᠤ ᠡᠪᠡᠳᠴᠢᠨ ᠤ ᠠᠨᠠᠭᠠᠬᠤ ᠤᠬᠠᠭᠠᠨ ᠤ ᠪᠠᠶᠢᠴᠠᠭᠠᠯᠲᠠ ᠶᠢᠨ ᠳ᠋ᠦᠩ ᠢ ᠦᠨᠳᠦᠰᠦᠯᠡᠨ ᠰᠤᠳᠤᠯᠤᠨ ᠮᠠᠭᠠᠳᠯᠠᠭᠰᠠᠨ ᠢᠶᠠᠷ᠂ ᠬᠤᠩᠭᠤᠷ ᠰᠤᠮᠤ ᠪᠠ ᠰᠠᠶᠢᠬᠠᠠᠭᠤᠪᠢ ᠰᠣᠮᠣᠨ ᠤ ᠪᠦᠬᠦ ᠬᠦᠷᠢᠶ᠎ᠡ ᠴᠠᠷ᠎ᠠ ᠳᠠᠬᠢ ᠭᠠᠵᠠᠷ ᠤᠷᠤᠨ ᠢ ᠪᠢᠲᠡᠭᠦᠮᠵᠢᠯᠡᠨ ᠡᠵᠡᠮᠳᠡᠬᠦ ᠣᠷᠣᠨ ᠠᠴᠠ ᠬᠠᠮᠢᠶᠠᠷᠤᠨ ᠡᠵᠡᠮᠳᠡᠬᠦ ᠣᠷᠣᠨ ᠪᠣᠯᠭᠠᠨ ᠲᠣᠬᠢᠷᠠᠭᠤᠯᠵᠤ᠂ ︽ᠬᠥᠮᠦᠨ ᠨᠢ ᠤᠷᠤᠨ ᠲᠣᠭᠤᠷᠢᠭ ᠠᠴᠠ ᠪᠠᠨ ᠭᠠᠷᠬᠤ ᠥᠬᠡᠶ᠂ ᠬᠥᠮᠥᠨ ᠤᠯᠠᠨ ᠴᠤᠭᠯᠠᠷᠠᠬᠤ ᠶᠢ ᠴᠢᠩᠭ᠎ᠠ ᠬᠤᠷᠢᠠᠠᠯᠠᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃ ᠪᠤᠰᠤᠳ ᠭᠠᠵᠠᠷ ᠤᠷᠤᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠤᠪᠢᠷᠠᠭᠤᠯᠬᠤ ᠦᠭᠡᠢ᠃                     ᠰᠥᠨᠢᠳ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ                             ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ                               2022 ᠣᠨ ᠤ 6 ᠳ᠋ᠤᠭᠠᠷ ᠰᠠᠷ᠎ᠠ ᠶᠢᠨ 25 ᠤ ᠡᠳᠦᠷ
 
ᠢᠷᠡᠯᠲᠡ᠄ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号