ᠰᠥᠨᠢᠳ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/6/26
                              ︵2022 ᠤᠨ ᠤ 21 ᠳ᠋ᠤᠬᠡᠷ ᠲᠣᠭᠠᠲᠤ︶              ︽ᠰᠥᠨᠢᠳ ᠵᠡᠭᠦᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ︵ᠵᠢᠷᠭᠤᠳᠤᠭᠠᠷ  ᠬᠡᠪᠯᠡᠯ︶ ︾ ᠢ ᠦᠨᠳᠦᠰᠦᠯᠡᠨ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠶᠡᠷᠦᠩᠬᠡᠶᠢᠯᠡᠨ ᠦᠨᠡᠯᠡᠨ ᠵᠢᠱᠢᠵᠦ ᠰᠤᠳᠤᠯᠤᠨ ᠮᠠᠭᠠᠳᠯᠠᠭᠰᠠᠨ ᠢᠶᠠᠷ᠂ ᠲᠣᠰ ᠡᠳᠦᠷ ᠠᠴᠠ ᠡᠬᠢᠯᠡᠨ ᠰᠥᠨᠢᠳ ᠵᠡᠭᠦᠨ ᠬᠤᠰᠢᠭᠤᠨ ᠤ  ᠰᠠᠶᠢᠬᠠᠠᠭᠤᠪᠢ ᠰᠤᠮᠤ᠂ ᠬᠤᠩᠭᠤᠷ ᠰᠤᠮᠤ ᠶᠢ  ᠲᠤᠤᠷ᠎ᠠ  ᠲᠦᠭᠰᠢᠬᠦᠷᠢᠳᠦ ᠭᠠᠵᠠᠷ ᠣᠷᠣᠨ ᠪᠣᠯᠭᠠᠨ ᠲᠣᠬᠢᠷᠠᠭᠤᠯᠬᠤ ᠪᠠᠷ ᠲᠣᠭᠲᠠᠪᠠ᠃ ᠲᠣᠬᠢᠷᠠᠭᠤᠯᠤᠯᠲᠠ ᠶᠢᠨ ᠳᠠᠷᠠᠭ᠎ᠠ᠂ ᠰᠥᠨᠢᠳ ᠵᠡᠭᠦᠨ ᠬᠤᠰᠢᠭᠤᠨ ᠤ ᠪᠥᠬᠦ ᠭᠠᠵᠠᠷ ᠣᠷᠣᠨ ᠨᠢ  ᠲᠤᠤᠷ᠎ᠠ  ᠲᠦᠭᠰᠢᠬᠦᠷᠢᠳᠦ ᠭᠠᠵᠠᠷ ᠣᠷᠣᠨ ᠪᠣᠯᠤᠨ᠎ᠠ᠃        ᠥᠷᠭᠡᠨ ᠤᠯᠠᠨ ᠰᠠᠭᠤᠭᠠᠯᠢ ᠠᠷᠠᠳ  ᠬᠢᠵᠢᠭ ᠢ ᠰᠡᠷᠭᠡᠶᠢᠯᠡᠬᠦ ᠤᠬᠠᠮᠰᠠᠷ ᠢᠶᠠᠨ ᠪᠠᠲᠤᠳᠬᠠᠵᠤ᠂ ᠬᠤᠪᠢ ᠬᠥᠮᠦᠨ ᠤ ᠬᠠᠮᠠᠭᠠᠯᠠᠯᠲᠠ ᠪᠠᠨ ᠴᠢᠩᠭᠠᠳᠬᠠᠨ᠂ ᠠᠮᠠᠪᠴᠢ ᠵᠡᠭᠦᠵᠦ᠂ ᠭᠠᠷ ᠢᠶᠠᠨ ᠰᠠᠶᠢᠲᠤᠷ  ᠤᠬᠢᠶᠠᠨ᠂ ᠦᠷᠦᠬᠡ ᠬᠡᠷ ᠲᠡᠭᠡᠨ ᠦᠷᠭᠦᠯᠵᠢ ᠰᠠᠯᠬᠢ  ᠨᠡᠪᠳᠡᠷᠡᠬᠦᠯᠵᠦ᠂  ᠬᠤᠷᠠᠨ ᠴᠤᠭᠯᠠᠷᠠᠬᠤ ᠦᠭᠡᠢ ᠪᠠᠶᠢᠵᠦ᠂ ᠨᠢᠭᠡ ᠮᠧᠲᠷ ᠤᠨ  ᠵᠠᠢ ᠱᠤᠭᠤᠮ ᠢ ᠪᠠᠷᠢᠮᠳᠠᠯᠠᠨ᠂  ᠠᠰᠳᠠᠭᠠᠨ ᠬᠤᠭᠤᠯᠠᠯᠠᠬᠤ ᠲᠦᠷᠢᠮ ᠢ ᠬᠡᠷᠡᠭᠵᠢᠬᠦᠯᠵᠦ᠂ ᠨᠡᠶᠢᠲᠡ ᠶᠢᠨ ᠰᠠᠪᠬ᠎ᠠ ᠬᠡᠷᠡᠭᠯᠡᠬᠦ ᠶᠢ ᠬᠦᠰᠡᠵᠦ ᠪᠠᠶᠢᠨ᠎ᠠ᠃ ᠣᠶᠢᠷ᠎ᠠ ᠶᠢᠨ 14  ᠡᠳᠦᠷ   ᠲᠤ ᠬᠢᠵᠢᠭ ᠲᠠᠢ ᠬᠤᠯᠪᠣᠭᠳᠠᠭᠰᠠᠨ ᠭᠠᠵᠠᠷ ᠣᠷᠣᠨ   ᠢᠶᠠᠷ ᠵᠤᠭᠠᠴᠠᠭᠰᠠᠳ᠂ ᠭᠠᠴᠠᠭ᠎ᠠ ︵ᠨᠡᠶᠢᠭᠡᠮ ᠲᠣᠭᠤᠷᠢᠭ︶᠂  ᠪᠠᠶᠢᠭᠤᠯᠭ᠎ᠠ ᠨᠢᠭᠡᠴᠡ  ᠳᠡᠭᠡᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠵᠢᠭᠰᠠᠭᠠᠨ ᠪᠠᠶᠢᠴᠠᠭᠠᠬᠤ᠂ ᠲᠤᠰᠠᠭᠠᠷᠯᠠᠨ ᠠᠵᠢᠭᠯᠠᠬᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠵᠡᠷᠭᠡ ᠠᠵᠢᠯ ᠢ ᠰᠠᠶᠢᠲᠤᠷ ᠬᠠᠮᠵᠢᠯᠴᠠᠨ ᠬᠢᠬᠦ ᠬᠡᠷᠡᠭᠲᠡᠶ᠃                                                                     ᠰᠥᠨᠢᠳ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ                 ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ  ᠬᠡᠯᠳᠡᠰ                                                                          2022 ᠣᠨ ᠤ 6 ᠳ᠋ᠤᠭᠠᠷ ᠰᠠᠷ᠎ᠠ ᠶᠢᠨ 26 ᠤ ᠡᠳᠦᠷ                        
 
ᠢᠷᠡᠯᠲᠡ᠄ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号