ᠰᠥᠨᠢᠳ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/6/27
                          ︵2022 ᠤᠨ ᠤ 22 ᠳ᠋ᠤᠭᠠᠷ ᠲᠣᠭᠠᠲᠤ︶                ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠤᠷᠤᠨ ᠬᠤᠪᠢᠶᠠᠵᠤ ᠲᠠᠰ ᠬᠤᠪᠢᠶᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ ᠣᠨᠣᠪᠴᠢᠲᠠᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ  ᠶᠢ ᠬᠡᠷᠡᠭᠵᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠪᠡ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ︵ᠵᠢᠷᠭᠤᠳᠤᠭᠠᠷ ᠬᠡᠪᠯᠡᠯ︶︾ ᠤᠨ ᠲᠣᠭᠲᠠᠭᠠᠯ ᠢ ᠦᠨᠳᠦᠰᠦᠯᠡᠨ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠬᠠᠯᠳᠠᠪᠤᠷᠢᠲᠤ ᠡᠪᠡᠳᠴᠢᠨ ᠤ ᠠᠨᠠᠭᠠᠬᠤ ᠤᠬᠠᠭᠠᠨ ᠤ ᠪᠠᠶᠢᠴᠠᠭᠠᠯᠲᠠ ᠶᠢᠨ ᠳ᠋ᠦᠩ ᠢ ᠦᠨᠳᠦᠰᠦᠯᠡᠨ ᠰᠤᠳᠤᠯᠤᠨ ᠮᠠᠭᠠᠳᠯᠠᠵᠦ ᠲᠤᠬᠢᠷᠠᠭᠤᠯᠤᠯᠳᠠ ᠬᠢᠭᠰᠡᠨ ᠤ ᠲᠠᠷᠠᠭ᠎ᠠ᠂ ᠬᠤᠩᠭᠤᠷ ᠰᠤᠮᠦᠨ ᠤ ᠰᠢᠨᠡᠠᠮᠢᠳᠤᠷᠠᠯ ᠭᠠᠴᠠᠭ᠎ᠠ᠂ ᠬᠤᠩᠭᠤᠷ ᠰᠤᠮᠦᠨ ᠤ ᠱᠢᠷᠦᠴᠠᠩᠳᠦ ᠭᠠᠴᠠᠭ᠎ᠠ ᠪᠠ ᠰᠠᠶᠢᠬᠠᠠᠭᠤᠪᠢ ᠰᠣᠮᠣᠨ ᠤ ᠪᠠᠶ᠋ᠬᠤᠷᠬᠢᠯ ᠭᠠᠴᠠᠭ᠎ᠠ ᠶᠢ ᠰᠡᠷᠬᠡᠶᠢᠯᠡᠯᠳᠠ ᠶᠢᠨ ᠣᠷᠣᠨ ᠪᠤᠯᠭᠠᠵᠤ᠂ ︽ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠬᠥᠮᠦᠨ ᠴᠤᠭᠯᠠᠷᠠᠬᠤ ᠶᠢ ᠴᠢᠩᠭ᠎ᠠ ᠬᠢᠵᠠᠭᠠᠷᠯᠠᠬᠤ︾ ᠬᠠᠮᠢᠶᠠᠷᠤᠯᠲᠠ ᠡᠵᠡᠮᠳᠡᠯ ᠤᠨ ᠠᠷᠭ᠎ᠠ ᠬᠡᠮᠵᠢᠶ᠎ᠡ ᠶᠢ ᠠᠪᠤᠨ᠎ᠠ᠃ ᠳᠣᠬᠢᠷᠠᠭᠤᠯᠤᠯᠳᠠ ᠬᠢᠭᠰᠡᠨ ᠤ ᠳᠠᠷᠠᠭ᠎ᠠ᠂ ᠮᠠᠨ ᠤ ᠬᠤᠰᠢᠭᠤᠨ ᠤ ᠡᠯ᠎ᠡ ᠭᠠᠵᠠᠷ ᠤᠷᠤᠨ ᠢ ᠪᠦᠬᠦᠨ ᠢ ᠰᠡᠷᠬᠡᠶᠢᠯᠡᠯᠳᠠ ᠶᠢᠨ ᠣᠷᠣᠨ ᠪᠣᠯᠭᠠᠪᠠ᠃              ᠰᠥᠨᠢᠳ ᠵᠡᠭᠦᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ              ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ                                                         2022 ᠣᠨ ᠤ 6 ᠳ᠋ᠤᠭᠠᠷ ᠰᠠᠷ᠎ᠠ ᠶᠢᠨ 27 ᠤ ᠡᠳᠦᠷ
 
ᠢᠷᠡᠯᠲᠡ᠄ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠬᠡᠯᠳᠡᠰ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号