ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠪᠠᠶᠠᠨᠨᠠᠭᠤᠷ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/8/22
    8 ᠳ᠋ᠤᠭᠠᠷ ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ  ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠦᠷᠡᠨ᠂ ᠬᠤᠰᠢᠭᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠠᠨᠨᠠᠭᠤᠷ ᠪᠠᠯᠭᠠᠰᠤᠨ ᠳᠤ ᠭᠦᠨᠵᠡᠭᠡᠶᠢᠷᠡᠵᠦ᠂  ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠤᠨ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠵᠦ᠂ ᠰᠠᠭᠤᠳᠠᠯ ᠤᠨ ᠬᠤᠷᠠᠯ ᠬᠤᠷᠠᠯᠳᠤᠭᠤᠯᠪᠡ  ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ 3 ᠡᠷᠡᠭᠦᠯ ᠬᠠᠮᠠᠭᠠᠯᠠᠯ  ᠤᠨ ᠬᠤᠷᠢᠶ᠎ᠠ ᠵᠢᠴᠢ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠵᠦ ᠪᠠᠶᠢᠭ᠎ᠠ ᠣᠷᠣᠨ ᠪᠦᠰᠡ ᠶᠢᠨ ᠡᠷᠦᠬᠡ ᠳᠠᠷᠠᠭᠠᠯᠠᠨ ᠪᠥᠭᠡᠮ ᠬᠦᠴᠢᠯ ᠤᠨ ᠥᠯᠢᠭᠡᠷ ᠠᠪᠤᠭᠰᠠᠨ ᠪᠠᠶᠢᠳᠠᠯ ᠪᠠ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠭᠯᠡᠭᠦᠯᠦᠨ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠶᠢ ᠤᠶᠠᠯᠳᠤᠭᠤᠯᠤᠨ᠂ ᠤᠷᠤᠰᠢᠵᠤ ᠪᠠᠶᠢᠭ᠎ᠠ ᠠᠰᠠᠭᠤᠳᠠᠯ ᠪᠠ ᠲᠤᠲᠠᠭᠳᠠᠯ ᠳᠤ ᠬᠠᠨᠳᠤᠭᠤᠯᠤᠨ ᠴᠡᠭᠴᠡᠯᠡᠨ ᠰᠠᠶᠢᠵᠢᠷᠠᠭᠤᠯᠬᠤ ᠵᠣᠬᠢᠴᠠᠩᠭᠤᠶ ᠰᠠᠨᠠᠯ ᠳᠤᠷᠠᠳᠪᠠ᠃      ᠪᠠᠶᠢᠴᠠᠭᠠᠨ‌‍ᠰᠤᠳᠤᠯᠤᠯᠳᠠ ᠶᠢᠨ ᠶᠠᠪᠤᠴᠠ ᠳᠤ᠂  ᠬᠤᠰᠢᠭᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ  ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠵᠢᠴᠢ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠢᠳᠪᠤᠷᠢᠯᠡᠬᠦ ᠠᠵᠢᠯ ᠤᠨ ᠵᠢᠯᠣᠭᠤᠳᠬᠤ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠪᠠ ᠡᠷᠢᠶᠡᠨ ᠬᠤᠲᠠ ᠠᠴᠠ ᠪᠤᠴᠠᠵᠤ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠭᠰᠠᠨ ᠪᠠᠶᠢᠳᠠᠯ᠂ ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠵᠦ ᠨᠠᠶᠢᠳᠠᠪᠤᠷᠢᠵᠢᠭᠤᠯᠤᠭᠰᠠᠨ ᠪᠠᠶᠢᠳᠠᠯ᠂ ᠬᠥᠮᠦᠨ ᠣᠯᠠᠨ ᠴᠤᠭᠯᠠᠷᠠᠬᠤ ᠶᠢ  ᠬᠤᠷᠢᠭᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠠᠵᠤ ᠠᠬᠤᠶᠢᠯᠠᠯ ᠤᠨ  ᠪᠢᠳᠡᠬᠦᠮᠵᠢᠯᠡᠭᠰᠡᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ  ᠤᠨ  ᠲᠠᠯ᠎ᠠ ᠪᠠᠷ  ᠪᠣᠳᠠᠲᠠᠶ ᠲᠣᠬᠢᠷᠠᠭᠤᠯᠤᠯᠲᠠ  ᠬᠢᠭᠰᠡᠨ ᠪᠠᠶᠢᠨ᠎ᠠ᠃     ᠪᠠᠶᠠᠨᠨᠠᠭᠤᠷ  ᠪᠠᠯᠭᠠᠰᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤᠯᠤᠰ ᠲᠦᠷᠦ ᠶᠢᠨ ᠵᠣᠭᠰᠣᠴᠠ ᠪᠠᠨ  ᠦᠨᠡᠨ ᠬᠦ  ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂  ᠭᠤᠤᠯᠳᠠᠯᠭᠠᠲᠤ ᠠᠵᠢᠯ ᠲᠠᠢ ᠵᠡᠷᠭᠡᠪᠡᠷ ᠪᠠᠶᠢᠷᠢᠯᠠᠭᠤᠯᠵᠤ ᠵᠡᠷᠭᠡᠪᠡᠷ ᠨᠠᠶᠢᠳᠠᠪᠤᠷᠢᠵᠢᠭᠤᠯᠵᠤ ᠵᠡᠷᠭᠡᠪᠡᠷ ᠬᠢᠨᠠᠨ ᠰᠢᠯᠭᠠᠵᠤ᠂ ᠨᠠᠮ ᠤᠨ ᠪᠠᠶᠢᠭᠤᠯᠤᠯᠲᠠ᠂ ᠲᠤᠬᠠᠶᠢᠯᠠᠭᠰᠠᠨ ᠠᠵᠢᠯ ᠪᠣᠯᠤᠨ ᠡᠭᠦᠳᠦᠨ ᠪᠠᠶᠢᠭᠤᠯᠬᠤ ᠠᠵᠢᠯ  ᠢ ᠭᠦᠨᠵᠡᠭᠡᠢ ᠠᠭᠤᠰᠤᠯᠴᠠᠭᠤᠯᠤᠨ᠂ ᠬᠠᠮᠲᠤᠪᠠᠷ ᠠᠬᠢᠭᠤᠯᠵᠤ ᠲᠡᠰ ᠳᠡᠪᠰᠢᠭᠦᠯᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠬᠦᠴᠦᠯᠡᠨ ᠠᠬᠢᠭᠤᠯᠬᠤ ᠬᠡᠷᠡᠭᠲᠡᠢ  ᠭᠡᠵᠡᠢ᠃  ︽ᠰᠥᠨᠢᠳ ᠵᠡᠭᠦᠨ ᠬᠤᠰᠢᠭᠤᠨ ᠤ ᠪᠥᠬᠦ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠭᠤᠤᠯᠳᠠᠯᠭ᠎ᠠ ᠲᠠᠢ ᠡᠭᠦᠷᠭᠡ ᠶᠢᠨ ᠡᠬᠡ ᠲᠠᠩᠰᠠ ︾  ᠶᠢᠨ ᠡᠯ᠎ᠡ ᠵᠦᠢᠯ ᠤᠨ ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠲᠠᠢ ᠴᠢᠩᠭ᠎ᠠ ᠬᠠᠷᠢᠴᠠᠭᠤᠯᠵᠤ  ᠂  ᠴᠠᠭ ᠢ ᠠᠮᠵᠢᠨ ᠡᠭᠦᠳᠦᠨ ᠪᠠᠶᠢᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠲᠤᠲᠠᠭᠳᠠᠯ ᠢ ᠴᠡᠭᠴᠡᠯᠡᠨ ᠰᠠᠶᠢᠵᠢᠷᠠᠭᠤᠯᠵᠤ ᠨᠥᠬᠦᠪᠥᠷᠢᠯᠡᠬᠦ ᠶᠢᠨ ᠬᠠᠮᠲᠤ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠣᠨᠴᠠᠯᠢᠭ ᠪᠠ ᠬᠢᠯᠠᠰ ᠴᠡᠭ ᠢ ᠰᠠᠶᠢᠲᠤᠷ ᠳ᠋ᠦᠩᠨᠠᠨ ᠰᠦᠪᠡᠭᠴᠢᠯᠡᠵᠦ᠂  ᠲᠠᠨᠢᠯᠴᠠᠭᠤᠯᠤᠨ ᠤᠬᠠᠭᠤᠯᠵᠤ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠡᠢ  ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号