ᠬᠤᠩᠭᠤᠷ ᠰᠤᠮᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2022/9/2
          ᠬᠤᠩᠭᠤᠷ ᠰᠤᠮᠤ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠲᠠᠰᠢᠷᠠᠮ ᠳᠤ᠂ ︽ᠠᠷᠢᠭᠤᠨ ᠴᠡᠪᠡᠷ᠂ ᠴᠡᠪᠡᠷ ᠲᠡᠭᠰᠢ᠂ ᠡᠮᠬᠢ ᠵᠢᠷᠤᠮ ᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠢ︾ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠣᠶ ᠪᠣᠯᠭᠠᠬᠤ ᠪᠠᠷ ᠬᠠᠷᠠᠯᠲᠠ ᠪᠣᠯᠭᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠵᠦ᠂ 9 ᠰᠠᠷ᠎ᠠ ᠶᠢᠨ 1 ᠤ ᠡᠳᠦᠷ ᠬᠠᠷᠢᠶᠠᠲᠤ ᠣᠷᠣᠨ ᠤ ᠰᠠᠭᠤᠭᠠᠯᠢ ᠠᠷᠠᠳ᠂ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃          ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠢᠶᠠᠷ ᠳᠠᠭᠠᠭᠤᠯᠤᠭᠤᠯᠤᠨ᠂ ᠰᠤᠮᠤ ᠶᠢᠨ ᠰᠠᠭᠤᠭ᠎ᠠ ᠭᠠᠵᠠᠷ ᠤᠨ ᠡᠷᠬᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠪᠠᠷ ᠭᠤᠣᠯᠳᠠᠯᠭ᠎ᠠ ᠪᠣᠯᠭᠠᠵᠤ᠂ ᠣᠯᠠᠨ ᠲᠦᠮᠡᠨ᠂ ᠺᠠᠳ᠋ᠷᠴᠤᠳ ᠪᠦᠯᠬᠦᠮᠳᠡᠨ ᠬᠠᠮᠵᠢᠯᠴᠠᠵᠤ᠂ ᠪᠤᠵᠠᠷ ᠪᠤᠷᠲᠠᠭ ᠠᠴᠠ ᠠᠶᠤᠬᠤ ᠦᠭᠡᠢ᠂ ᠶᠠᠳᠠᠷᠠᠬᠤ   ᠠᠴᠠ ᠠᠶᠤᠬᠤ ᠦᠭᠡᠢ᠂ ᠬᠦᠴᠢᠷ ᠠᠴᠠ ᠠᠶᠤᠬᠤ ᠦᠭᠡᠢ ᠵᠣᠷᠢᠭ ᠰᠠᠨᠠᠭ᠎ᠠ ᠶᠢ ᠪᠠᠳᠠᠷᠠᠭᠤᠯᠤᠨ᠂ ᠡᠷᠬᠢᠨ ᠲᠣᠭᠤᠷᠢᠨ ᠤ ᠵᠠᠮ ᠤᠨ ᠬᠤᠶᠠᠷ ᠬᠠᠵᠠᠭᠤ ᠵᠢᠴᠢ ᠠᠮᠢᠳᠤᠷᠠᠯ ᠤᠨ ᠲᠣᠭᠤᠷᠢᠭ ᠤᠨ ᠬᠤᠭ ᠨᠣᠪᠰᠢ ᠶᠢ ᠴᠡᠪᠡᠷᠯᠡᠨ ᠰᠢᠢᠳᠪᠤᠷᠢᠯᠡᠪᠡ᠃          ᠲᠠᠷᠠᠭᠠᠴᠢ ᠶᠢᠨ ᠠᠯᠬᠤᠮ ᠳᠤ᠂ ᠬᠤᠩᠭᠤᠷ ᠰᠤᠮᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠨᠠᠷᠢᠨ ᠲᠠᠯ᠎ᠠ ᠠᠴᠠ ᠪᠣᠳᠣᠯᠬᠢᠯᠠᠬᠤ ᠶᠢ ᠪᠠᠷᠢᠮᠲᠠᠯᠠᠨ᠂ ᠪᠠᠭ᠎ᠠ ᠲᠠᠯ᠎ᠠ ᠠᠴᠠ ᠭᠠᠷᠳᠠᠬᠤ ᠶᠢ ᠴᠢᠬᠤᠯᠠᠴᠢᠯᠠᠵᠤ᠂ ᠬᠦᠴᠦᠲᠡᠢ ᠪᠥᠭᠡᠳ ᠪᠦᠲᠦᠮᠵᠢᠲᠡᠶ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃
 
ᠢᠷᠡᠯᠲᠡ᠄ ᠬᠤᠩᠭᠤᠷ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号