ᠰᠠᠶᠢᠨ ᠳᠤᠷ᠎ᠠ ᠶᠢᠨ ᠦᠢᠯᠡᠴᠢᠯᠡᠭᠡ ᠪᠠᠷ ᠣᠷᠴᠢᠨ ᠲᠣᠭᠤᠷᠢᠨ ᠤ ᠡᠷᠡᠭᠦᠯ ᠬᠠᠮᠠᠭᠠᠯᠠ᠊ ᠢ ᠴᠡᠭᠴᠡᠯᠡᠨ ᠵᠠᠰᠠᠬᠤ ᠳᠤ ᠬᠦᠴᠦᠨ ᠨᠡᠮᠡᠷᠢᠯᠡᠵᠦ᠂ ᠺᠠᠳ᠋ᠷ ᠣᠯᠠᠨ ᠲᠦᠮᠡᠨ ᠬᠦᠴᠦ ᠪᠠᠨ ᠬᠠᠮᠲᠤᠳᠬᠠᠨ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠴᠣᠭᠴᠠᠯᠠᠨ᠎ᠠ
ᠨᠡᠶᠢᠲᠡᠯᠡᠭᠰᠡᠨ ᠴᠠᠭ᠄
2022/9/2
           ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢᠨ ᠲᠥᠯᠥᠭᠡ᠂ ᠬᠤᠪᠢ ᠨᠡᠮᠡᠷᠢ ᠦᠵᠡᠭᠦᠯᠬᠦ᠂ ᠨᠥᠬᠦᠷᠰᠡᠭ᠂ ᠬᠠᠷᠢᠯᠴᠠᠨ ᠬᠠᠪᠰᠤᠷᠤᠯᠴᠠᠬᠤ᠂ ᠳᠠᠪᠰᠢᠩᠭᠤᠶ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠡᠭᠡ ᠪᠠᠷ ᠪᠠᠳᠠᠷᠠᠭᠤᠯᠵᠤ᠂ ᠬᠤᠩᠭᠤᠷ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠨᠢ ᠬᠠᠷᠢᠶᠠᠲᠤ ᠣᠷᠣᠨ ᠤ 5 ᠭᠠᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠠᠢ ᠬᠤᠯᠪᠤᠭᠠᠯᠠᠨ᠂ ᠣᠶᠢᠷ᠎ᠠ ᠳᠤ ᠰᠦᠯᠵᠢᠶᠡᠨ ᠳᠡᠭᠡᠷ᠎ᠡ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤ ᠭᠠᠷᠭᠠᠵᠤ᠂ ︽ᠮᠠᠯᠴᠢᠨ ᠲᠦᠮᠡᠨ ᠵᠠᠬᠢᠶᠠᠯᠠᠭ᠎ᠠ ᠥᠭᠬᠦ᠂ ᠰᠤᠮᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠯᠪᠤᠷᠢ ᠨᠢ ᠵᠠᠬᠢᠶᠠᠯᠠᠭ᠎ᠠ ᠲᠣᠬᠢᠷᠠᠭᠤᠯᠬᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠵᠠᠬᠢᠶᠠᠯᠠᠭ᠎ᠠ ᠬᠦᠯᠢᠶᠡᠬᠦ︾ ᠶᠡᠷᠦᠩᠬᠡᠶᠢᠯᠡᠭᠰᠡᠨ ᠦᠢᠯᠡᠴᠢᠯᠡᠭᠡᠨ ᠤ ᠵᠠᠭᠪᠤᠷ ᠶᠢ ᠠᠬᠢᠭᠤᠯᠤᠨ ᠬᠡᠷᠡᠭᠵᠢᠭᠦᠯᠵᠦ᠂ ᠮᠠᠯᠴᠢᠨ ᠲᠦᠮᠡᠨ ᠤ ᠨᠡᠶᠢᠳᠡᠮ ᠲᠤᠰᠬᠠᠵᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠪᠤᠵᠠᠷ ᠪᠤᠷᠲᠠᠭ ᠠᠰᠠᠭᠤᠳᠠᠯ ᠳᠤ ᠴᠢᠭᠯᠡᠭᠦᠯᠦᠨ᠂ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠲᠡᠷᠡ ᠳᠠᠷᠤᠶ ᠳᠤᠨᠢ ᠰᠤᠮᠤ ᠭᠠᠴᠠᠭᠠᠨ ᠤ 40 ᠭᠠᠷᠤᠶ ᠰᠠᠶᠢᠨ ᠳᠤᠷᠠᠴᠤᠤᠯ ᠢ ᠵᠣᠬᠢᠶᠠᠨ ᠪᠠᠶᠢᠭᠤᠯᠤᠨ ᠳᠠᠶᠢᠴᠢᠯᠠᠵᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃           ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ᠂ ᠰᠠᠶᠢᠨ ᠳᠤᠷᠠᠴᠤᠤᠯ ᠬᠦᠴᠢᠷ ᠠᠴᠠ ᠠᠶᠤᠬᠤ ᠥᠬᠡᠶ᠂ ᠪᠤᠵᠠᠷ ᠪᠤᠷᠲᠠᠭ ᠠᠴᠠ ᠠᠶᠤᠬᠤ ᠥᠬᠡᠶ᠂ ᠶᠠᠳᠠᠷᠠᠯ ᠵᠦᠳᠡᠷᠡᠯ ᠠᠴᠠ ᠠᠶᠤᠬᠤ ᠥᠬᠡᠶ ᠣᠶᠤᠨ ᠰᠠᠨᠠᠭᠠᠨ ᠤ ᠳᠦᠷᠰᠦ ᠪᠠᠶᠢᠳᠠᠯ ᠢ ᠪᠠᠳᠠᠷᠠᠭᠤᠯᠵᠤ᠂ ᠢᠳᠡᠪᠬᠢᠲᠡᠶ ᠣᠷᠣᠯᠴᠠᠨ᠂ ᠠᠵᠢᠯ ᠬᠤᠪᠢᠶᠠᠷᠢᠯᠠᠨ ᠬᠠᠮᠵᠢᠯᠴᠠᠵᠤ᠂ ᠰᠤᠮᠤ ᠭᠠᠴᠠᠭᠠᠨ ᠤ ᠡᠷᠬᠢᠨ ᠲᠣᠭᠤᠷᠢᠨ ᠪᠠ ᠵᠠᠮ ᠳᠠᠭᠠᠤ ᠬᠤᠭ ᠨᠣᠪᠰᠢ ᠶᠢ ᠠᠷᠢᠯᠭᠠᠨ ᠴᠡᠪᠡᠷᠯᠡᠵᠦ᠂ ᠰᠠᠶᠢᠨ  ᠳᠤᠷᠠᠴᠣᠣᠯ ᠤᠨ ᠬᠠᠮᠲᠤ ᠶᠢᠨ ᠴᠢᠷᠮᠠᠶᠢᠯᠭ᠎ᠠ ᠪᠠᠷ᠂ 3 ᠡᠳᠦᠷ ᠤᠨ ᠴᠠᠭ ᠢ ᠵᠠᠷᠤᠴᠠᠭᠤᠯᠵᠤ ᠲᠥᠪᠯᠡᠷᠡᠭᠰᠡᠨ ᠴᠡᠪᠡᠷᠯᠡᠭᠡ ᠪᠠᠷ ᠳᠠᠮᠵᠢᠨ᠂ ᠣᠷᠴᠢᠨ ᠲᠣᠭᠤᠷᠢᠨ ᠤ ᠠᠷᠢᠭᠤᠨ ᠴᠡᠪᠡᠷ ᠢ ᠢᠯᠡᠳᠲᠡ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠳᠦᠷᠰᠦ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠪᠠ᠃           ᠬᠤᠶᠢᠰᠢᠳᠠ᠂ ᠪᠢᠳᠡ ᠡᠨᠡ ᠬᠦ ᠰᠠᠶᠢᠨ ᠳᠤᠷ᠎ᠠ ᠶᠢᠨ ᠦᠢᠯᠡᠴᠢᠯᠡᠭᠡ ᠪᠠᠷ ᠰᠢᠨ᠎ᠡ ᠡᠬᠢᠯᠡᠯᠲᠡ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ︽ᠲᠠᠪᠴᠠᠩ︾᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠᠷ ᠳᠠᠮᠵᠢᠭᠤᠯᠤᠨ᠂ ᠴᠠᠭ ᠦᠶ᠎ᠡ ᠶᠢᠨ ᠱᠠᠭᠠᠷᠳᠠᠯᠭ᠎ᠠ ᠪᠣᠯᠤᠨ ᠭᠠᠵᠠᠷ ᠣᠷᠣᠨ ᠤ ᠣᠨᠴᠠᠯᠢᠭ ᠲᠠᠢ ᠤᠶᠠᠯᠳᠤᠭᠤᠯᠵᠤ᠂ ᠡᠯᠪᠡᠭ ᠪᠠᠶᠠᠯᠢᠭ ᠣᠯᠠᠨ ᠶᠠᠩᠵᠤ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠶ ᠰᠦᠪᠡᠭᠴᠢᠯᠡᠨ ᠥᠷᠨᠢᠭᠦᠯᠵᠦ᠂ ᠣᠯᠠᠨ ᠲᠦᠮᠡᠨ ᠳᠤ ᠦᠢᠯᠡᠴᠢᠯᠡᠬᠦ ᠪᠤᠲᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠴᠡᠴᠡᠭᠯᠡᠨ ᠬᠥᠭᠵᠢᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠬᠤᠩᠭᠤᠷ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号