ᠡᠳᠡᠭᠡᠷ ᠰᠤᠷᠤᠭᠴᠢᠳ ᠤᠨ ᠬᠠᠮᠢᠶᠠᠲᠠᠢ ᠵᠠᠷᠤᠳᠠᠯ ᠢ ᠬᠡᠯᠲᠦᠷᠢᠭᠦᠯᠦᠨ᠎ᠡ
ᠨᠡᠶᠢᠲᠡᠯᠡᠭᠰᠡᠨ ᠴᠠᠭ᠄
2022/9/20
    2022 ᠣᠨ ᠤ ᠨᠠᠮᠤᠷ ᠤᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠡᠩ ᠤᠨ ᠥᠨᠳᠥᠷ ᠳᠤᠮᠳᠠᠳᠤ ᠶᠢᠨ ᠰᠣᠷᠣᠭᠴᠢ ᠶᠢᠨ ᠰᠤᠷᠤᠯᠭ᠎ᠠ  ᠶᠢᠨ ᠰᠤᠯᠠ ᠰᠦᠢᠳᠭᠡᠯ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠶᠢᠨ ᠰᠤᠷᠤᠯᠭ᠎ᠠ ᠶᠢᠨ ᠰᠦᠢᠳᠬᠡᠯ ᠪᠠ ᠬᠢᠴᠢᠶᠡᠯ ᠤᠨ ᠪᠢᠴᠢᠭ ᠤᠨ ᠵᠠᠷᠣᠳᠠᠯ ᠢ ᠬᠡᠯᠲᠦᠷᠢᠭᠦᠯᠬᠦ ᠪᠠᠷ ᠪᠣᠯᠪᠠ᠃ ᠡᠩ ᠤᠨ ᠥᠨᠳᠥᠷ ᠳᠤᠮᠳᠠᠳᠤ ᠶᠢᠨ ᠰᠤᠷᠭᠠᠨ ᠬᠥᠮᠦᠵᠢᠯ ᠤᠨ ᠲᠠᠯ᠎ᠠ ᠪᠠᠷ᠂ ᠥᠪᠥᠷ ᠮᠣᠩᠭᠤᠯ ᠤᠨ ᠬᠢᠨ ᠰᠤᠷᠭᠠᠭᠤᠯᠢ ᠶᠢᠨ ᠬᠠᠷᠢᠶ᠎ᠠ ᠪᠠᠨ ᠠᠯᠪᠠᠨ ᠶᠣᠰᠣ ᠪᠠᠷ ᠳᠠᠩᠰᠠᠯᠠᠭᠤᠯᠤᠭᠰᠠᠨ ᠡᠩ ᠤᠨ ᠥᠨᠳᠥᠷ ᠳᠤᠮᠳᠠᠳᠤ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ ᠠᠴᠠ ᠰᠤᠷᠤᠯᠭ᠎ᠠ ᠶᠢᠨ ᠰᠤᠯᠠ ᠰᠦᠢᠳᠬᠡᠯ ᠬᠤᠷᠢᠶᠠᠬᠤ ᠥᠬᠡᠶ ᠪᠥᠭᠡᠳ ᠬᠢᠴᠢᠶᠡᠯ ᠤᠨ ᠪᠢᠴᠢᠭ ᠢ ᠲᠦᠯᠦᠪᠤᠷᠢ ᠥᠬᠡᠶ ᠪᠠᠷ ᠬᠠᠩᠭᠠᠨ᠎ᠠ ᠭᠡᠵᠤ ᠲᠣᠭᠲᠠᠪᠠ᠃ ᠰᠤᠷᠤᠯᠭ᠎ᠠ ᠶᠢᠨ ᠰᠤᠯᠠ ᠰᠦᠢᠳᠭᠡᠯ ᠢ ᠬᠡᠯᠲᠦᠷᠢᠭᠦᠯᠬᠦ ᠪᠠᠷᠢᠮᠵᠢᠶ᠎ᠠ ᠨᠢ ᠰᠣᠷᠣᠭᠴᠢ ᠨᠢᠭᠡᠪᠦᠷᠢ ᠵᠢᠯ ᠪᠦᠷᠢ 2000 ᠲᠥᠭᠦᠷᠢᠭ᠂ ᠬᠢᠴᠢᠶᠡᠯ ᠤᠨ ᠪᠢᠴᠢᠭ ᠢ ᠲᠦᠯᠦᠪᠤᠷᠢ ᠥᠬᠡᠶ ᠪᠠᠷ ᠬᠠᠩᠭᠠᠬᠤ ᠪᠠᠷᠢᠮᠵᠢᠶ᠎ᠠ ᠨᠢ ᠥᠨᠳᠥᠷ ᠳᠤᠮᠳᠠᠳᠤ ᠶᠢᠨ ᠨᠢᠭᠡᠳᠦᠭᠡᠷ ᠣᠨ᠂ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠰᠣᠷᠣᠭᠴᠢ ᠨᠢᠭᠡᠪᠦᠷᠢ ᠵᠢᠯ ᠳᠤ 550 ᠲᠥᠭᠦᠷᠢᠭ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠣᠷᠣᠭᠴᠢ ᠨᠢᠭᠡᠪᠦᠷᠢ ᠵᠢᠯ ᠳᠤ 100 ᠲᠥᠭᠦᠷᠢᠭ ᠢᠶᠠᠷ ᠲᠤᠭᠳᠠᠵᠠᠢ᠃ ᠥᠪᠥᠷ ᠮᠣᠩᠭᠤᠯ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠯᠬᠤ ᠠᠯᠪᠠᠨ ᠶᠤᠰᠤᠨ ᠤ ᠰᠤᠷᠭᠠᠨ ᠬᠥᠮᠦᠵᠢᠯ ᠤᠨ ᠰᠤᠷᠭᠠᠭᠤᠯᠢ ᠶᠢᠨ ᠳᠠᠩᠰᠠ ᠬᠠᠷᠢᠶ᠎ᠠ ᠲᠠᠢ ᠰᠣᠷᠣᠭᠴᠢ ᠠᠴᠠ ᠰᠤᠷᠤᠯᠭ᠎ᠠ ᠶᠢᠨ ᠰᠦᠢᠳᠬᠡᠯ ᠬᠤᠷᠢᠶᠠᠬᠤ ᠥᠬᠡᠶ ᠪᠥᠭᠡᠳ ᠬᠢᠴᠢᠶᠡᠯ ᠤᠨ ᠪᠢᠴᠢᠭ ᠢ ᠲᠦᠯᠦᠪᠤᠷᠢ ᠥᠬᠡᠶ ᠪᠠᠷ ᠬᠠᠩᠭᠠᠵᠤ᠂ ᠰᠤᠷᠤᠯᠭ᠎ᠠ ᠶᠢᠨ ᠰᠦᠢᠳᠬᠡᠯ ᠢ ᠭᠡᠯᠳᠦᠷᠢᠭᠦᠯᠬᠦ ᠪᠠᠷᠢᠮᠵᠢᠶ᠎ᠠ ᠨᠢ ᠰᠣᠷᠣᠭᠴᠢ ᠨᠢᠭᠡᠪᠦᠷᠢ ᠵᠢᠯ ᠳᠤ 2000 ᠲᠥᠭᠦᠷᠢᠭ᠂ ᠲᠦᠯᠦᠪᠤᠷᠢ ᠥᠬᠡᠶ ᠪᠠᠷ ᠬᠢᠴᠢᠶᠡᠯ ᠤᠨ ᠪᠢᠴᠢᠭ ᠢ ᠬᠠᠩᠭᠠᠬᠤ ᠪᠠᠷᠢᠮᠵᠢᠶ᠎ᠠ ᠨᠢ ᠨᠢᠭᠡᠳᠦᠭᠡᠷ᠂ ᠬᠤᠶᠠᠳᠤᠭᠠᠷ ᠣᠨ ᠳᠤ ᠰᠣᠷᠣᠭᠴᠢ ᠨᠢᠭᠡᠪᠦᠷᠢ ᠵᠢᠯ ᠳᠤ 550 ᠲᠥᠭᠦᠷᠢᠭ᠂ ᠭᠤᠷᠪᠠᠳᠤᠭᠠᠷ ᠣᠨ ᠳᠤ ᠰᠣᠷᠣᠭᠴᠢ ᠨᠢᠭᠡᠪᠦᠷᠢ ᠵᠢᠯ ᠳᠤ 100 ᠲᠥᠭᠦᠷᠢᠭ ᠢᠶᠠᠷ ᠲᠤᠭᠳᠠᠵᠠᠢ᠃
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号