ᠣᠷᠴᠢᠮ ᠳᠤ ᠮᠠᠰᠢ ᠣᠯᠠᠨ ᠬᠥᠮᠦᠨ ᠲᠣᠯᠣᠭᠠᠶ ᠪᠠᠨ ᠤᠬᠢᠶᠠᠭᠰᠠᠨ ᠤ ᠳᠠᠷᠠᠭ᠎ᠠ ᠳᠠᠷᠤᠢ ᠳᠤᠨᠢ ᠦᠯᠢᠶᠡᠵᠦ ᠬᠠᠲᠠᠭᠠᠬᠤ | ᠡᠰᠡᠬᠦ ᠶᠢ ᠰᠦᠯᠵᠢᠶᠡᠨ ᠳᠡᠭᠡᠷ᠎ᠡ ᠮᠠᠷᠭᠤᠯᠳᠤᠵᠤ ᠪᠠᠶᠢᠨ᠎ᠠ᠃ ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ | ᠬᠤᠷᠢᠶᠠᠨ ᠤ ᠠᠷᠠᠰᠤᠨ ᠤ ᠰᠠᠯᠠᠭᠠᠨ ᠤ ᠡᠷᠬᠢᠯᠡᠭᠴᠢ ᠡᠮᠴᠢ ᠶᠠᠩ ᠱᠤ᠋ ᠰᠢᠶᠠ ᠢᠯᠡᠷᠬᠡᠶᠢᠯᠡᠬᠦ ᠳᠡᠭᠡᠨ᠄ ︽ᠲᠣᠯᠣᠭᠠᠶ ᠪᠠᠨ | ᠤᠬᠢᠶᠠᠭᠰᠠᠨ ᠤ ᠳᠠᠷᠠᠭ᠎ᠠ ᠭᠡᠵᠢᠭᠡ ᠪᠠᠨ ᠳᠠᠷᠦ᠋ᠢᠬᠠᠨ ᠦᠯᠢᠶᠡᠨ ᠬᠠᠳᠠᠭᠠᠵᠤ ᠪᠣᠯᠬᠤ ᠥᠬᠡᠶ︾᠂ ᠵᠠᠷᠢᠮ ᠬᠥᠮᠦᠨ | ᠭᠡᠵᠢᠭᠡ ᠪᠠᠨ ᠤᠬᠢᠶᠠᠵᠤ ᠪᠠᠷᠠᠪᠠᠯ ᠴᠠᠬᠢᠯᠭᠠᠨ ᠦᠯᠢᠶᠡᠭᠦᠷ ᠢ ᠨᠡᠯᠢᠶᠡᠳ ᠶᠡᠭᠡ ᠬᠠᠯᠠᠭᠤᠨ ᠳᠤ ᠲᠣᠬᠢᠷᠠᠭᠤᠯᠤᠨ ᠦᠯᠢᠶᠡᠯᠭᠡᠳᠡᠭ᠂ | ᠡᠨᠡ ᠦᠶ᠎ᠡ ᠳᠤ ᠭᠡᠵᠢᠭᠡᠨ ᠳᠣᠲᠣᠷᠠᠬᠢ ᠤᠰᠤ ᠨᠢ ᠠᠭᠤᠷᠰᠢᠭᠠᠳ ᠦᠰᠦ ᠠᠮᠠᠷᠬᠠᠨ ᠬᠤᠭᠤᠷᠳᠠᠭ ᠭᠡᠪᠡ᠃ ᠠᠶᠠᠨᠳᠠᠭᠠᠨ | ᠬᠠᠳᠠᠭᠠᠬᠤ ᠳᠤᠷᠠᠲᠠᠶ ᠬᠥᠮᠦᠨ ᠳᠤ ᠶᠠᠩ ᠡᠮᠴᠢ ᠰᠠᠨᠠᠭᠤᠯᠤᠭᠰᠠᠨ ᠨᠢ᠄ ︽ᠠᠶᠠᠨᠳᠠᠭᠠᠨ ᠬᠠᠲᠠᠭᠠᠬᠤ ᠶᠠᠪᠤᠴᠠ ᠳᠤ | ᠭᠡᠵᠢᠭᠡ ᠪᠠᠨ ᠪᠢᠲᠡᠭᠡᠶ ᠠᠬᠢᠨ ᠲᠠᠬᠢᠨ ᠰᠠᠮᠨᠠᠭᠠᠳ ᠪᠤᠢ︾᠃ ᠦᠰᠦ ᠨᠦᠢᠲᠠᠨ ᠦᠶ᠎ᠡ ᠳᠡᠭᠡᠨ᠂ ᠦᠰᠦᠨ ᠤ ᠦᠷᠦᠯᠲᠡ ᠶᠢᠨ | ᠬᠦᠴᠦ ᠲᠦᠢᠯ ᠤᠨ ᠶᠡᠭᠡ᠂ ᠭᠡᠵᠢᠭᠡ ᠪᠠᠰᠠ ᠨᠡᠯᠢᠶᠡᠳ ᠬᠡᠪᠡᠷᠡᠭ ᠪᠠᠶᠢᠳᠠᠯ ᠳᠤ ᠤᠷᠤᠵᠤ᠂ ᠳᠠᠬᠢᠨ ᠳᠠᠪᠲᠠᠨ ᠰᠠᠮᠨᠠᠪᠠᠯ | ᠭᠡᠵᠢᠭᠡ ᠶᠢ ᠭᠡᠮᠲᠦᠭᠡᠨ᠎ᠡ ᠭᠡᠯᠡ᠃ |