ᠬᠤᠩᠭᠤᠷ ᠰᠤᠮᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠢᠨᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/20
            ᠣᠶᠢᠷ᠎ᠠ ᠶᠢᠨ ᠬᠤᠭᠤᠴᠠᠭᠠᠨ ᠳᠤ ᠡᠷᠢᠶᠡᠨ ᠬᠤᠲᠠ᠂ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠵᠠᠯᠭᠠᠭ᠎ᠠ ᠪᠠᠷ ᠬᠢᠵᠢᠭ ᠤᠨ ᠪᠠᠶᠢᠳᠠᠯ ᠭᠠᠷᠴᠠᠢ᠂ ᠬᠤᠩᠭᠤᠷ ᠰᠤᠮᠤ ᠶᠢᠨ ᠬᠢᠨ ᠳᠤᠮᠳᠠ ᠦᠨᠳᠦᠷ ᠠᠶᠤᠯ ᠲᠦᠭᠰᠢᠭᠦᠷᠢᠲᠦ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠥᠰ ᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠰᠤᠮᠤ ᠶᠢᠨ ᠨᠠᠮ ᠵᠠᠰᠠᠭ ᠤᠨ ᠤᠳᠤᠷᠢᠳᠬᠤ ᠪᠠᠭ ᠡᠯ᠎ᠡ ᠭᠠᠴᠠᠭᠠᠨ ᠳᠤ ᠭᠦᠨᠵᠡᠭᠡᠶᠢᠷᠡᠨ᠂ ᠡᠯ᠎ᠡ ᠭᠠᠴᠠᠭᠠᠨ ᠤ ᠠᠵᠢᠯᠲᠠᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ ᠠᠵᠢᠯᠯᠠᠭ᠎ᠠ ᠦᠷᠨᠢᠭᠦᠯᠪᠡ᠃            ᠬᠤᠩᠭᠤᠷ ᠰᠤᠮᠤ ᠨᠢ ᠡᠷᠢᠶᠡᠨ ᠬᠤᠳᠠ ᠲᠠᠢ ᠬᠥᠷᠰᠢᠯᠡᠵᠦ᠂ ᠬᠤᠶᠠᠷ ᠭᠠᠵᠠᠷ ᠤᠨ ᠬᠤᠭᠤᠷᠤᠨᠳᠣ ᠶᠠᠪᠤᠵᠤ ᠰᠠᠭᠤᠬᠤ ᠬᠦᠮᠦᠰ ᠤᠯᠠᠨ ᠪᠣᠯᠬᠤᠷ ᠭᠤᠣᠯᠳᠠᠯᠭ᠎ᠠ ᠲᠠᠢ ᠭᠠᠵᠠᠷ ᠣᠷᠣᠨ ᠤ ᠪᠤᠴᠠᠵᠤ ᠢᠷᠡᠭᠰᠡᠨ ᠬᠥᠮᠥᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠬᠤ ᠪᠣᠯ ᠠᠵᠢᠯ ᠤᠨ ᠭᠤᠣᠯᠳᠠᠯᠭ᠎ᠠ ᠪᠣᠯᠣᠨ᠎ᠠ᠃ᠡᠭᠦᠨ ᠤ ᠬᠠᠮᠲᠤ ᠪᠠᠰᠠ ᠬᠢᠵᠢᠭ ᠤᠨ ᠪᠠᠶᠢᠳᠠᠯ ᠠᠴᠠ ᠪᠣᠯᠤᠭᠰᠠᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ  ᠬᠢ ᠬᠦᠴᠢᠷᠳᠡᠯ ᠳᠤ ᠴᠢᠭᠯᠡᠭᠦᠯᠦᠨ᠂ ᠮᠠᠯᠴᠢᠳ ᠤᠨ ᠭᠠᠴᠢᠭᠳᠠᠵᠤ ᠪᠠᠶᠢᠭ᠎ᠠ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠬᠦᠴᠢᠷ ᠵᠣᠪᠠᠭᠤᠷᠢ ᠶᠢ ᠴᠠᠭ ᠲᠤᠬᠠᠢ ᠳᠤᠨᠢ ᠰᠢᠢᠳᠪᠦᠷᠢᠯᠡᠨ᠎ᠡ᠃
 
ᠢᠷᠡᠯᠲᠡ᠄ ᠬᠤᠩᠭᠤᠷ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号