ᠬᠤᠩᠭᠤᠷ ᠰᠤᠮᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯᠭᠦᠢ ᠦᠢᠯᠡᠳᠪᠦᠷᠢᠯᠡᠯ ᠢ ᠬᠢᠨᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/20
           ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠬᠠᠷᠢᠶᠠᠲᠤ ᠣᠷᠣᠨ ᠤ ᠳᠣᠲᠣᠷᠠᠬᠢ ᠭᠤᠣᠯᠳᠠᠯᠭ᠎ᠠ ᠲᠠᠢ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠬᠥᠲᠥᠯᠥᠨ ᠵᠢᠯᠤᠭᠤᠳᠬᠤ ᠠᠵᠢᠯ ᠢ ᠪᠥᠬᠦ ᠬᠦᠴᠦᠨ ᠢᠶᠠᠷ ᠢᠶᠠᠨ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠶᠢᠨ ᠲᠥᠯᠥᠭᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠢᠯᠡᠳᠪᠦᠷᠢᠯᠡᠯ ᠤᠨ ᠠᠮᠤᠷ ᠲᠦᠪᠰᠢᠨ ᠬᠤᠶᠠᠷ ᠲᠠᠯ᠎ᠠ ᠪᠠᠷ ᠴᠢᠩᠭ᠎ᠠ ᠠᠳᠬᠤᠵᠤ᠂ ᠪᠥᠬᠦ ᠰᠤᠮᠤᠨ ᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠶᠢᠨ ᠲᠦᠯᠦᠭᠡ᠂ 8 ᠰᠠᠷ᠎ᠠ ᠶᠢᠨ 7 ᠤ ᠡᠳᠦᠷ᠂ ᠬᠤᠩᠭᠤᠷ ᠰᠤᠮᠤ ᠨᠢ ᠰᠤᠮᠤ ᠶᠢᠨ ᠪᠠᠶᠢᠭ᠎ᠠ ᠭᠠᠵᠠᠷ ᠤᠨ ᠡᠯ᠎ᠡ ᠳᠡᠯᠭᠡᠭᠦᠷ᠂  ᠬᠤᠭᠤᠯᠠᠨ ᠭᠡᠷ᠂ ᠲᠣᠰᠣ ᠨᠡᠮᠡᠬᠦ ᠥᠷᠲᠡᠭᠡ ᠵᠢᠴᠢ ᠪᠠᠷᠢᠯᠭ᠎ᠠ ᠶᠢᠨ ᠨᠢᠭᠡᠴᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠶᠤᠯᠭᠦᠢ ᠦᠢᠯᠡᠳᠪᠦᠷᠢᠯᠡᠯ ᠢ ᠬᠢᠨᠠᠨ  ᠪᠠᠶᠢᠴᠠᠭᠠᠬᠤ ᠠᠵᠢᠯᠯᠠᠭ᠎ᠠ ᠥᠷᠨᠢᠭᠦᠯᠪᠡ᠃         ᠪᠠᠶᠢᠴᠠᠭᠠᠬᠤ ᠳᠤᠭᠤᠶᠢᠯᠠᠩ ᠨᠢ ᠡᠯ᠎ᠡ ᠡᠵᠡᠩᠨᠡᠯᠲᠡ ᠶᠢᠨ ᠨᠢᠭᠡᠴᠡ ᠶᠢᠨ ᠬᠦᠮᠦᠰ ᠤᠨ ᠣᠷᠣᠵᠤ ᠭᠠᠷᠬᠤ ᠳᠠᠩᠰᠠᠯᠠᠯᠲᠠ᠂ ᠠᠷᠢᠭᠤᠳᠬᠠᠵᠤ ᠴᠡᠪᠡᠷᠯᠡᠭᠰᠡᠨ ᠲᠡᠮᠳᠡᠭᠯᠡᠯ ᠵᠡᠷᠭᠡ ᠶᠢ ᠨᠠᠷᠢᠨ ᠪᠠᠶᠢᠴᠠᠭᠠᠵᠤ᠂ ᠡᠯ᠎ᠡ ᠪᠠᠷᠢᠯᠭ᠎ᠠ ᠶᠢᠨ ᠨᠢᠭᠡᠴᠡ ᠶᠢᠨ ᠭᠠᠳᠠᠷ ᠣᠷᠣᠨ ᠤ ᠠᠵᠢᠯᠴᠢᠨ᠂ ᠳᠤᠮᠳᠠ ᠦᠨᠳᠦᠷ ᠲᠦᠭᠰᠢᠭᠦᠷᠢᠲᠦ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠥᠰ ᠢ ᠬᠥᠯᠥᠰᠦᠯᠡᠵᠦ ᠪᠠᠶᠢᠭ᠎ᠠ ᠪᠠᠶᠢᠳᠠᠯ ᠢ ᠯᠠᠪᠯᠠᠨ ᠪᠠᠶᠢᠴᠠᠭᠠᠵᠤ᠂ ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠪᠡᠯᠡᠳᠬᠡᠮᠵᠢ ᠶᠢᠨ ᠬᠠᠮᠠᠭᠠᠯᠠᠯᠲᠠ ᠶᠢᠨ ᠪᠠᠶᠢᠳᠠᠯ᠂ ᠴᠠᠬᠢᠯᠭᠠᠨ ᠬᠡᠷᠡᠭᠯᠡᠬᠦ ᠭᠠᠯ ᠬᠡᠷᠡᠭᠯᠡᠬᠦ ᠠᠮᠤᠷ ᠲᠦᠪᠰᠢᠨ ᠤ ᠪᠠᠶᠢᠳᠠᠯ᠂  ᠪᠠᠷᠢᠯᠭ᠎ᠠ ᠶᠢᠨ ᠠᠵᠢᠯᠴᠢᠨ ᠤ ᠬᠤᠪᠢ ᠬᠥᠮᠥᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ  ᠨᠠᠷᠢᠨ ᠪᠠᠶᠢᠴᠠᠭᠠᠪᠠ᠃          ᠡᠯ᠎ᠡ ᠡᠵᠡᠩᠨᠡᠯᠲᠡ ᠶᠢᠨ ᠨᠢᠭᠡᠴᠡ ᠵᠢᠴᠢ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠳᠤ ᠴᠢᠬᠤᠯᠠᠴᠢᠯᠠᠬᠤ ᠳᠠᠭᠠᠨ᠂ ᠠᠶᠤᠯᠭᠦᠢ ᠦᠢᠯᠡᠳᠪᠦᠷᠢᠯᠡᠯ᠂ ᠬᠢᠵᠢᠭ ᠢ ᠰᠡᠷᠭᠡᠶᠢᠯᠡᠬᠦ ᠠᠮᠤᠷ ᠲᠦᠪᠰᠢᠨ ᠤ ᠬᠤᠶᠠᠷ ᠬᠢᠵᠠᠭᠠᠷ ᠱᠤᠭᠤᠮ ᠢ ᠡᠷᠡᠰ ᠰᠠᠬᠢᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ︽ᠬᠤᠶᠠᠷ ᠢ ᠪᠣᠳᠠᠲᠠᠶᠢᠵᠢᠭᠤᠯᠬᠤ︾ ᠬᠡᠷᠡᠭᠲᠡᠢ ᠭᠡᠵᠡᠢ᠃ ᠭᠠᠳᠠᠨ᠎ᠠ ᠠᠴᠠ ᠢᠷᠡᠭᠰᠡᠨ ᠬᠥᠮᠥᠰ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠣᠷᠣᠵᠤ ᠭᠠᠷᠬᠤ ᠶᠢ ᠳᠠᠩᠰᠠᠯᠠᠬᠤ᠂ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ᠂ ᠠᠮᠠᠪᠴᠢ ᠵᠡᠭᠦᠬᠦ᠂ ︽ᠬᠤᠶᠠᠷ ᠺᠣᠳ᠋︾ ᠢ ᠪᠠᠶᠢᠴᠠᠭᠠᠨ ᠰᠢᠯᠭᠠᠬᠤ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠳᠦᠷ ᠲᠤᠳᠤᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠳᠦᠷ ᠲᠤᠲᠤᠮ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠨ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠵᠡᠷᠭᠡ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢ ᠰᠠᠶᠢᠲᠤᠷ ᠬᠢᠵᠦ᠂ ᠵᠠᠩᠭᠢᠯᠠᠭ᠎ᠠ ᠶᠢᠨ ᠦᠶ᠎ᠡ ᠳᠤ ᠠᠪᠴᠤ ᠳᠡᠶᠢᠯᠬᠦ᠂ ᠬᠡᠷᠡᠭᠯᠡᠵᠦ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠬᠤ ᠬᠡᠷᠡᠭᠲᠡᠢ᠃ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ᠂ ᠲᠡᠷᠡ ᠳᠠᠷᠤᠢ ᠳᠤᠨᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃
 
ᠢᠷᠡᠯᠲᠡ᠄ ᠬᠤᠩᠭᠤᠷ ᠰᠤᠮᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号