ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠨᠡᠶᠢᠲᠡᠯᠡᠭᠰᠡᠨ ᠢᠶᠠᠷ᠂ ᠵᠠᠷᠢᠮ ᠭᠠᠵᠠᠷ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠲᠤᠷ᠎ᠠ ᠪᠠᠷ ᠢᠶᠠᠨ ᠬᠤᠪᠢᠷᠠᠭᠤᠯᠤᠭᠰᠠᠨ | ᠴᠢᠨᠠᠭᠰᠢᠯᠠᠪᠠᠯ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠳᠤ ᠬᠡᠷᠡᠭᠯᠡᠬᠦ ᠭᠠᠵᠠᠷ ᠢ ᠵᠢᠭᠤᠯᠴᠢᠯᠠᠯ | ᠠᠮᠠᠷᠠᠯᠲᠠ ᠶᠢᠨ ᠭᠠᠵᠠᠷ᠂ ᠲᠠᠸᠠᠷ ᠤᠨ ᠤᠷᠤᠨ ᠰᠠᠭᠤᠴᠠ ᠪᠣᠯᠭᠠᠨ ᠪᠠᠶᠢᠭᠤᠯᠤᠭᠰᠠᠨ ᠵᠡᠷᠭᠡ ᠠᠰᠠᠭᠤᠳᠠᠯ ᠳᠤ ᠴᠢᠭᠯᠡᠭᠦᠯᠦᠨ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠳᠤ | ᠬᠡᠷᠡᠭᠯᠡᠬᠦ ᠭᠠᠵᠠᠷ ᠤᠨ ᠬᠡᠷᠡᠭᠴᠡᠭᠡ ᠶᠢ ᠲᠤᠭᠲᠠᠭᠠᠯ ᠠᠴᠠ ᠵᠦᠷᠢᠴᠡᠨ ᠬᠤᠪᠢᠷᠠᠭᠤᠯᠵᠦ ᠪᠤᠯᠬᠤ ᠦᠭᠡᠢ ᠭᠡᠵᠦ ᠲᠤᠳᠤᠷᠬᠠᠢ | ᠲᠤᠭᠲᠠᠭᠠᠪᠠ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠲᠦᠬᠦᠭᠡᠷᠦᠮᠵᠢ ᠳᠤ ᠬᠡᠷᠡᠭᠯᠡᠬᠦ ᠭᠠᠵᠠᠷ ᠤᠨ ᠠᠰᠠᠭᠤᠳᠠᠯ ᠢ ᠬᠠᠷᠭᠤᠭᠤᠯᠤᠨ ᠪᠠᠶᠢᠴᠠᠭᠠᠵᠦ ᠴᠡᠭᠴᠡᠯᠡᠨ ᠵᠠᠰᠠᠬᠤ ᠬᠤᠭᠤᠴᠠᠭ᠎ᠠ ᠶᠢ | ᠲᠠᠪᠤᠨ ᠵᠢᠯ ᠪᠠᠶᠢᠭᠰᠠᠨ ᠢ ᠠᠷᠪᠠᠨ ᠵᠢᠯ ᠪᠤᠯᠭᠠᠠ ᠤᠷᠳᠤᠳᠬᠠᠵᠤ᠂ ᠤᠶᠢᠷ᠎ᠠ ᠶᠢᠨ ᠠᠷᠪᠠᠨ ᠵᠢᠯ ᠤᠨ ᠲᠤᠷᠰᠢᠬᠢ | ᠠᠰᠠᠭᠤᠳᠠᠯ ᠤᠨ ᠰᠦᠪᠡᠭᠴᠢ ᠶᠢ ᠬᠠᠷᠭᠤᠭᠤᠯᠤᠨ ᠪᠠᠶᠢᠴᠠᠭᠠᠬᠤ ᠠᠬᠢᠴᠠ ᠶᠢ ᠲᠦᠷᠭᠡᠳᠭᠡᠵᠦ᠂ ᠲᠤᠳᠤᠷᠬᠠᠢ ᠪᠠᠶᠢᠯᠭᠠᠬᠤ | ᠬᠡᠷᠡᠭᠲᠠᠢ ᠭᠡᠪᠡ᠃ ᠡᠭᠦᠨ ᠠᠴᠠ ᠭᠠᠳᠠᠨ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠬᠦᠭᠡᠷᠦᠮᠵᠢ ᠳᠤ | ᠬᠡᠷᠡᠭᠯᠡᠬᠦ ᠭᠠᠵᠠᠷ ᠢ ᠬᠠᠩᠭᠠᠭᠰᠠᠨ ᠤ ᠳᠠᠷᠠᠭ᠎ᠠ ᠬᠠᠷᠠᠬᠠᠨ ᠪᠠᠶᠢᠭᠤᠯᠤᠭᠠᠳᠦᠢ ᠪᠠᠶᠢᠪᠠᠯ ᠬᠦᠳᠡᠯᠤᠩᠭᠦᠢ ᠬᠢᠨᠠᠨ ᠬᠠᠮᠢᠶᠠᠷᠤᠯᠲᠠ ᠶᠢ | ᠴᠢᠩᠭᠠᠳᠬᠠᠨ᠎ᠠ︔ ᠭᠠᠵᠠᠷ ᠬᠡᠷᠡᠭᠯᠡᠬᠦ ᠵᠦᠪᠰᠢᠶᠡᠷᠡᠯ ᠶᠤᠰᠤᠭᠠᠷ ᠨᠡᠭᠡᠭᠡᠨ ᠠᠰᠢᠭᠯᠠᠭᠰᠠᠨ ᠦᠭᠡᠢ᠂ ᠵᠥᠪᠰᠢᠶᠡᠷᠡᠭᠡᠳ ᠳᠤᠲᠠᠭᠤ | ᠪᠠᠶᠢᠭᠤᠯᠤᠭᠰᠠᠨ ᠪᠤᠯ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠭᠤᠯᠬᠤ ᠬᠡᠷᠡᠭᠲᠡᠢ︔ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠦᠬᠦᠭᠡᠷᠦᠮᠵᠢ ᠶᠢᠨ ᠬᠡᠷᠡᠭᠯᠡᠬᠦ ᠭᠠᠵᠠᠷ ᠢ ᠵᠢᠭᠤᠯᠴᠢᠯᠠᠯ ᠠᠮᠠᠷᠠᠯᠲᠠ ᠶᠢᠨ ᠭᠠᠵᠠᠷ ᠪᠤᠯᠤᠨ ᠲᠠᠸᠠᠷ ᠤᠨ | ᠤᠷᠤᠨ ᠰᠠᠭᠤᠴᠠ ᠪᠣᠯᠭᠠᠨ ᠪᠠᠶᠢᠭᠤᠯᠣᠭᠰᠠᠨ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠦ | ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠡᠬᠦᠯᠤᠨ᠎ᠠ᠃ | |