ᠴᠢᠩᠭ᠎ᠠ ᠪᠠᠶᠢᠴᠠᠭᠠᠯᠲᠠ ᠬᠢᠨ᠎ᠡ
ᠨᠡᠶᠢᠲᠡᠯᠡᠭᠰᠡᠨ ᠴᠠᠭ᠄
2023/11/10
      ᠲᠤᠲᠤᠭᠠᠳᠤ ᠶᠢ ᠬᠠᠮᠠᠭᠠᠯᠠᠬᠤ ᠶᠠᠮᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠪᠴᠢᠶ᠎ᠠ 10 ᠳ᠋ᠤᠭᠠᠷ ᠰᠠᠷ᠎ᠠ ᠶᠢᠨ 20᠎ ᠤ ᠡᠳᠦᠷ ᠡᠯ᠎ᠡ ᠭᠠᠵᠠᠷ ᠤᠨ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠡᠪᠦᠯ ᠤᠨ ᠤᠯᠠᠷᠢᠯ ᠤᠨ ᠬᠠᠤᠯᠢ ᠠᠴᠠ ᠵᠦᠷᠢᠴᠡᠭᠰᠡᠨ ᠳᠤᠪᠤᠶᠢᠮ᠎ᠠ ᠦᠢᠯᠡ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠪᠠᠶᠢᠷᠢᠯᠠᠭᠤᠯᠵᠤ᠂ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠭᠦᠴᠦᠲᠡᠢ ᠴᠤᠬᠢᠯᠲᠠ ᠦᠭᠴᠦ᠂ ᠡᠪᠦᠯ ᠤᠨ ᠤᠯᠠᠷᠢᠯ ᠤᠨ ᠡᠯ᠎ᠡ ᠲᠦᠷᠦᠯ ᠤᠨ ᠵᠠᠮ ᠬᠠᠷᠢᠯᠴᠠᠭᠠᠨ ᠤ ᠠᠮᠤᠷ ᠳᠦᠪᠰᠢᠨ ᠤ ᠳᠤᠪᠤᠶᠢᠮ᠎ᠠ ᠠᠶᠤᠯ ᠲᠦᠭᠰᠢᠬᠦᠷᠢ ᠶᠢᠨ ᠬᠡᠮ ᠰᠤᠭᠤᠭ ᠢ ᠰᠢᠢᠳᠪᠤᠷᠢᠯᠡᠵᠤ᠂ ᠤᠯᠠᠨ ᠬᠦᠮᠦᠨ ᠠᠳᠡᠵᠤ ᠤᠯᠠᠨ ᠬᠦᠮᠦᠨ ᠰᠢᠷᠬᠠᠳᠤᠬᠤ ᠵᠠᠮ ᠬᠠᠷᠢᠯᠴᠠᠭᠠᠨ ᠤ ᠠᠳᠡᠯ ᠡᠬᠦᠰᠬᠦ ᠶᠢ ᠰᠡᠷᠭᠡᠶᠢᠯᠡᠵᠤ ᠪᠠᠶᠢᠨ᠎ᠠ᠃       ᠪᠦᠬᠦ ᠤᠯᠤᠰ ᠤᠨ ᠲᠤᠳᠤᠭᠠᠲᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠡᠪᠦᠯ ᠤᠨ ᠤᠯᠠᠷᠢᠯ ᠤᠨ ᠵᠠᠮ ᠬᠠᠷᠢᠯᠴᠠᠭᠠᠨ ᠤ ᠠᠮᠤᠷ ᠳᠦᠪᠰᠢᠨ ᠤ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠤᠷᠢ ᠶᠢᠨ ᠮᠠᠰᠢᠨ ᠪᠠ ᠵᠤᠭᠠᠴᠠᠯ ᠤᠨ ᠠᠶᠠᠨᠴᠢᠳ ᠤᠨ ᠲᠡᠭᠡᠭᠡᠪᠤᠷᠢ ᠶᠢᠨ ᠮᠠᠰᠢᠨ ᠲᠡᠷᠭᠡ ᠶᠢᠨ ᠳᠠᠭᠠᠭᠠᠴᠠ ᠎ ᠠᠴᠠ ᠬᠡᠲᠤᠷᠡᠭᠦᠯᠵᠤ ᠬᠦᠮᠦᠨ ᠠᠴᠢᠭᠰᠠᠨ᠂ ᠶᠠᠳᠠᠷᠠᠭ᠎ᠠ ᠲᠠᠢ ᠪᠠᠷ ᠲᠡᠷᠭᠡ ᠵᠢᠯᠤᠭᠤᠳᠤᠭᠰᠠᠨ᠂ ᠠᠶᠠᠨᠴᠢᠳ ᠤᠨ ᠠᠮᠤᠷ ᠳᠦᠪᠰᠢᠨ ᠤ ᠪᠦᠰᠡ ᠪᠦᠰᠡᠯᠡᠭᠰᠡᠨ ᠦᠬᠡᠢ᠂ ᠠᠶᠤᠯᠲᠠᠢ ᠬᠢᠮᠢ ᠶᠢᠨ ᠪᠤᠳᠠᠰ ᠵᠦᠬᠡᠬᠡᠪᠤᠷᠢᠯᠡᠵᠤ ᠬᠠᠮᠢᠶ᠎ᠠ ᠪᠦᠬᠦᠢ ᠬᠠᠤᠯᠢ ᠲᠤᠭᠲᠠᠭᠠᠯ ᠢ ᠵᠦᠷᠢᠴᠡᠵᠤ ᠠᠶᠠᠯᠠᠭᠰᠠᠨ᠂ ᠬᠤᠷᠳᠤᠨ ᠤ ᠵᠠᠮ ᠳᠤ ᠲᠤᠭᠲᠠᠭᠰᠠᠨ ᠵᠠᠮ ᠢᠶᠠᠷ ᠠᠶᠠᠯᠠᠭᠰᠠᠨ ᠦᠬᠡᠢ᠂ 6᠎ ᠠᠴᠠ ᠳᠡᠭᠡᠭᠰᠢᠬᠢ ᠰᠠᠭᠤᠳᠠᠯ ᠲᠠᠢ ᠮᠠᠰᠢᠨ ᠲᠡᠷᠭᠡ ᠶᠢᠨ ᠳᠠᠭᠠᠭᠠᠴᠠ ᠠᠴᠠ ᠬᠡᠲᠤᠷᠡᠬᠦᠯᠵᠤ ᠬᠦᠮᠦᠨ ᠠᠴᠢᠭᠰᠠᠨ᠂ ᠠᠷᠢᠬᠢ ᠤᠤᠭᠤᠵᠤ ᠰᠤᠭᠲᠤᠭᠤ ᠪᠠᠷ ᠲᠡᠷᠭᠡ ᠵᠢᠯᠤᠭᠤᠳᠤᠭᠰᠠᠨ ᠵᠡᠷᠭᠡ ᠬᠠᠤᠯᠢ ᠠᠴᠠ ᠵᠦᠷᠢᠴᠡᠭᠰᠡᠨ 10 ᠵᠤᠶᠢᠯ ᠤᠨ ᠬᠦᠨᠳᠦ ᠨᠤᠴᠢᠲᠠᠢ ᠦᠢᠯᠡ ᠠᠵᠢᠯᠯᠠᠭ᠎ᠠ ᠶᠢ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ᠂ ᠵᠠᠮ ᠳᠡᠭᠡᠷ᠎ᠡ ᠪᠠᠶᠢᠴᠠᠭᠠᠬᠤ ᠪᠠ ᠲᠦᠪᠯᠡᠷᠡᠭᠦᠯᠦᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠵᠤ᠂ ᠴᠢᠩᠭ᠎ᠠ ᠬᠦᠴᠦᠲᠡᠢ ᠬᠠᠤᠯᠢ ᠬᠡᠷᠡᠭᠵᠢᠭᠦᠯᠦᠨ ᠬᠠᠮᠢᠶᠠᠷᠤᠨ ᠡᠵᠡᠮᠳᠡᠵᠤ ᠪᠠᠶᠢᠭᠠᠳ ᠵᠠᠮ ᠬᠠᠷᠢᠯᠴᠠᠭᠠᠨ ᠤ ᠠᠮᠤᠷ ᠳᠦᠪᠰᠢᠨ ᠤ ᠰᠠᠭᠠᠳ ᠦᠬᠡᠢ ᠨᠡᠪᠲᠡᠷᠡᠬᠦ ᠶᠢ ᠪᠠᠲᠤᠯᠠᠵᠤ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号