ᠮᠠᠨ ᠤ ᠬᠤᠰᠢᠭᠤᠨ ᠤ ᠵᠠᠯᠠᠭᠤ ᠢᠷᠠᠭᠤ ᠨᠠᠶᠢᠷᠠᠭᠴᠢ ᠵᠠᠶᠠᠭᠠᠲᠤ ᠠᠩᠬᠠᠳᠤᠭᠠᠷ ᠤᠳᠠᠭᠠᠨ ᠤ ᠳᠤᠮᠳᠠᠳᠤ ᠮᠤᠩᠭᠤᠯ ᠤᠨ ︽ᠮᠠᠨᠳᠤᠯ — ᠬᠠᠩᠭᠢ︾ ᠪᠤᠭᠤᠮᠲᠠ ᠶᠢᠨ ᠤᠯᠠᠨ ᠤᠯᠤᠰ ᠤᠨ ᠢᠷᠠᠭᠤ ᠨᠠᠶᠢᠷᠠᠭ ᠤᠨ ᠨᠠᠭᠠᠳᠤᠮ ᠤᠨ ᠳᠡᠳ᠋ ᠪᠠᠶᠢᠷᠢᠨ ᠳᠤ ᠲᠤᠲᠤᠷᠠᠯ᠎ᠠ
ᠨᠡᠶᠢᠲᠡᠯᠡᠭᠰᠡᠨ ᠴᠠᠭ᠄
2023/11/14
     ᠲᠠᠪᠤᠳᠠᠬᠢ ᠤᠳᠠᠭᠠᠨ ᠤ ᠳᠤᠮᠳᠠᠳᠤ ᠮᠤᠩᠭᠤᠯ ᠤᠨ ︽ᠮᠠᠨᠳᠤᠯ — ᠬᠠᠩᠭᠢ︾ ᠪᠤᠭᠤᠮᠲᠠ ᠶᠢᠨ ᠤᠯᠠᠨ ᠤᠯᠤᠰ ᠤᠨ ᠰᠤᠶᠤᠯ᠂ ᠠᠶᠠᠯᠠᠯ ᠵᠢᠭᠤᠴᠢᠯᠠᠯ ᠤᠨ ᠪᠠᠶᠠᠷ ᠢ ᠲᠤᠬᠢᠶᠠᠯᠳᠤᠭᠤᠯᠤᠨ᠂ ᠬᠤᠶᠠᠷ ᠤᠷᠤᠨ ᠤ ᠰᠤᠶᠤᠯ ᠤᠨ ᠰᠤᠯᠢᠯᠴᠠᠭ᠎ᠠ᠂ ᠦᠵᠡᠯ ᠪᠤᠳᠤᠯ ᠤᠨ ᠠᠭᠤᠰᠤᠯᠴᠠᠭ᠎ᠠ ᠶᠢ ᠠᠬᠢᠭᠤᠯᠵᠤ᠂ ᠠᠷᠠᠳ ᠢᠷᠭᠡᠳ ᠤᠨ ᠤᠶᠤᠨ ᠤ ᠠᠮᠢᠳᠤᠷᠠᠯ ᠢ ᠪᠠᠶᠠᠯᠢᠭᠵᠢᠭᠤᠯᠤᠨ᠂ ᠢᠷᠠᠭᠤ ᠨᠠᠶᠢᠷᠠᠭ ᠢᠶᠠᠷ ᠠᠮᠢᠰᠬᠤᠯᠯᠠᠵᠤ᠂ ᠢᠠᠷᠠᠭᠤ ᠨᠠᠶᠢᠷᠠᠭ ᠢᠶᠠᠷ ᠴᠠᠯᠭᠢᠶ᠎ᠠ ᠬᠡᠮᠡᠨ᠂ ᠮᠠᠨᠳᠤᠯ ᠪᠠᠯᠭᠠᠰᠤᠨ ᠤ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠵᠤ ᠪᠤᠢ ᠠᠩᠬᠠᠳᠤᠭᠠᠷ ᠤᠳᠠᠭᠠᠨ ᠤ ︽ᠮᠠᠨᠳᠤᠯ — ᠬᠠᠩᠭᠢ︾ ᠤᠯᠠᠨ ᠤᠯᠤᠰ ᠤᠨ ᠢᠷᠠᠭᠤ ᠨᠠᠶᠢᠷᠠᠭ ᠤᠨ ᠨᠠᠭᠠᠳᠤᠮ ᠤᠨ ᠰᠢᠯᠭᠠᠷᠠᠭᠤᠯᠤᠯᠲᠠ 8 ᠰᠠᠷ᠎ᠠ ᠎ ᠳᠤ ᠠᠮᠵᠢᠯᠲᠠ ᠲᠠᠢ ᠶᠠᠪᠤᠭᠳᠠᠵᠠᠢ᠃      ᠡᠨᠡ ᠤᠳᠠᠭᠠᠨ ᠤ ᠨᠠᠭᠠᠳᠤᠮ ᠳᠤ᠂ ᠮᠤᠩᠭᠤᠯ ᠤᠯᠤᠰ ᠪᠤᠯᠤᠨ ᠳᠤᠮᠳᠠᠳᠤ ᠤᠯᠤᠰ ᠤᠨ ᠦᠪᠦᠷ ᠮᠤᠩᠭᠤᠯ ᠎ ᠤᠨ ᠡᠯ᠎ᠡ ᠭᠠᠵᠠᠷ ᠤᠷᠤᠨ ᠤ 91 ᠢᠷᠠᠭᠤ ᠨᠠᠶᠢᠷᠠᠭᠴᠢ ᠶᠢᠨ ᠪᠦᠲᠦᠬᠡᠯ ᠢ ᠬᠦᠯᠢᠶᠡᠨ ᠠᠪᠤᠭᠰᠠᠨ ᠪᠦᠭᠡᠳ ᠪᠦᠬᠦ ᠪᠦᠲᠦᠬᠡᠯ ᠤᠨ ᠡᠵᠡᠨ ᠤ ᠨᠡᠷ᠎ᠡ ᠤᠰᠤ ᠶᠢ ᠨᠢ ᠨᠢᠭᠤᠴᠠᠯᠠᠭᠰᠠᠨ ᠬᠤᠶᠠᠷ ᠡᠬᠡᠯᠵᠢ ᠶᠢᠨ ᠰᠢᠯᠭᠠᠷᠠᠭᠤᠯᠤᠯᠲᠠ ᠪᠠᠷ ᠰᠢᠢᠳᠪᠤᠷᠢᠲᠤ ᠤᠷᠤᠯᠳᠤᠭᠠᠨ ᠳᠤ ᠤᠷᠤᠯᠴᠠᠬᠤ 16 ᠪᠦᠲᠦᠬᠡᠯ ᠢ ᠲᠠᠪᠤᠨ ᠬᠢᠨᠠᠭᠴᠢ ᠪᠠᠷ ᠪᠦᠷᠢᠯᠳᠦᠭᠰᠡᠨ ᠬᠢᠨᠠᠭᠴᠢᠳ ᠤᠨ ᠪᠠᠭ ᠤᠨ ᠴᠢᠩᠭ᠎ᠠ ᠨᠢᠮᠪᠠᠢ ᠬᠢᠨᠠᠯᠲᠠ ᠪᠠᠷ ᠰᠢᠯᠭᠠᠷᠠᠭᠤᠯᠤᠭᠰᠠᠨ ᠪᠦᠭᠡᠳ ᠰᠢᠢᠳᠪᠦᠷᠢᠲᠤ ᠤᠷᠤᠯᠳᠤᠭᠠᠨ ᠳᠤ ᠪᠦᠲᠦᠬᠡᠯ ᠤᠨ ᠬᠤᠪᠢ 60%᠂ ᠤᠩᠰᠢᠯᠭ᠎ᠠ ᠪᠤᠶᠤ ᠠᠬᠤᠢ ᠲᠠᠯᠠᠪᠤᠷ ᠤᠨ ᠶᠡᠷᠤᠩᠭᠡᠶᠢᠯᠡᠭᠰᠡᠨ ᠬᠤᠪᠢ 40%᠎ ᠶᠢ ᠡᠵᠡᠯᠡᠬᠦ ᠪᠤᠳᠤᠯᠭ᠎ᠠ ᠶᠢᠨ ᠠᠷᠭ᠎ᠠ ᠪᠠᠷ᠂ ᠨᠠᠭᠠᠳᠤᠮ ᠤᠨ ᠦᠵᠦᠭᠦᠷ ᠲᠡᠷᠢᠬᠦᠨ ᠢ ᠰᠢᠯᠭᠠᠷᠠᠭᠤᠯᠤᠨ ᠭᠠᠷᠭᠠᠵᠤ᠂ ᠮᠠᠨ ᠤ ᠬᠤᠰᠢᠭᠤᠨ ᠤ ᠵᠠᠯᠠᠭᠤ ᠢᠷᠠᠭᠤ ᠨᠠᠶᠢᠷᠠᠭᠴᠢ ᠵᠠᠶᠠᠭᠠᠲᠤ ᠳᠡᠳ᠋ ᠪᠠᠶᠢᠷᠢᠨ ᠳᠤ  ᠲᠤᠳᠤᠷᠠᠭᠰᠠᠨ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号