ᠦᠷᠯᠦᠬᠡ ᠴᠤᠬᠤᠮ ᠶᠠᠭᠤ ᠢᠳᠡᠪᠡᠯ ᠪᠡᠶ᠎ᠡ ᠳᠤ ᠰᠠᠶᠢᠨ ᠪᠤᠢ︖
ᠨᠡᠶᠢᠲᠡᠯᠡᠭᠰᠡᠨ ᠴᠠᠭ᠄
2023/11/24
    ᠰᠢᠮ᠎ᠡ ᠲᠡᠵᠢᠭᠡᠯ ᠰᠠᠶᠢᠲᠠᠢ ᠦᠷᠯᠦᠬᠡ ᠶᠢᠨ ᠴᠠᠢ ᠬᠤᠭᠤᠯᠠᠨ ᠳᠤ ᠨᠡᠭᠦᠷᠡᠰᠦ ᠤᠰᠤᠨ ᠤ ᠨᠢᠭᠡᠳᠪᠤᠷᠢ᠂ ᠤᠭᠤᠷᠠᠭ᠂ ᠦᠨᠳᠡᠭᠡᠨ ᠹᠤᠰᠹᠤᠷᠳᠤ ᠦᠬᠡᠬᠦ᠂ ᠸᠢᠲ᠋ᠠᠮᠢᠨ ᠪᠠ ᠡᠷᠦᠳᠡᠰᠤ ᠪᠤᠳᠠᠰ ᠢ ᠪᠠᠭᠲᠠᠭᠠᠨ᠎ᠠ᠃     ᠨᠢᠭᠡ᠂ ᠨᠡᠭᠦᠷᠡᠰᠦ ᠤᠰᠤᠨ ᠤ ᠨᠢᠭᠡᠳᠪᠤᠷᠢ ᠶᠢ ᠡᠯᠪᠡᠭ ᠠᠭᠤᠯᠤᠭᠰᠠᠨ ᠢᠳᠡᠭᠡᠨ     ᠵᠢᠱᠢᠶᠡᠯᠡᠪᠡᠯ᠂ ᠲᠠᠯᠬ᠎ᠠ᠂ ᠮᠠᠨᠳᠠᠤ᠂ ᠬᠤᠯᠢᠮᠠᠭ ᠠᠮᠤ ᠶᠢᠨ ᠰᠢᠩᠭᠡᠨ ᠪᠤᠳᠠᠭ᠎ᠠ ᠵᠡᠷᠭᠡ ᠭᠤᠤᠯ ᠢᠳᠡᠬᠡᠨ᠃ ᠡᠳᠡᠭᠡᠷ ᠨᠢ ᠨᠡᠬᠦᠷᠡᠰᠦ ᠤᠰᠤᠨ ᠤ ᠨᠢᠭᠡᠳᠪᠤᠷᠢ ᠶᠢ ᠠᠭᠤᠯᠵᠤ᠂ ᠲᠠᠷᠢᠬᠢᠨ ᠳᠤ ᠬᠡᠷᠡᠭᠴᠡᠭᠡ ᠲᠠᠢ ︽ᠲᠦᠯᠡᠰᠢ︾ — ᠦᠵᠦᠮ ᠤᠨ ᠰᠢᠬᠢᠷ ᠪᠤᠯᠭᠠᠨ ᠬᠤᠪᠢᠷᠠᠭᠤᠯᠵᠤ᠂ ᠶᠡᠭᠡ ᠲᠠᠷᠢᠬᠢ ᠶᠢᠨ ᠰᠡᠳᠬᠢᠬᠦ᠂ ᠴᠡᠭᠡᠵᠢᠯᠡᠬᠦ ᠪᠠ ᠠᠰᠠᠭᠤᠳᠠᠯ ᠢ ᠰᠢᠢᠳᠪᠤᠷᠢᠯᠡᠬᠦ ᠵᠡᠷᠭᠡ ᠶᠠᠪᠤᠳᠠᠯ ᠳᠤ ᠲᠤᠰᠠᠯᠠᠵᠤ ᠪᠤᠯᠤᠨ᠎ᠠ᠃     ᠬᠤᠶᠠᠷ᠂ ᠤᠭᠤᠷᠠᠭ ᠡᠯᠪᠡᠭ ᠠᠭᠤᠯᠤᠭᠰᠠᠨ ᠢᠳᠡᠭᠡᠨ     ᠵᠢᠱᠢᠶᠡᠯᠡᠪᠡᠯ᠂ ᠮᠢᠬ᠎ᠠ᠂ ᠵᠢᠭᠠᠰᠤ᠂ ᠦᠨᠢᠶᠡᠨ ᠰᠦ ᠵᠡᠷᠭᠡ ᠨᠢ ᠴᠢᠰᠦᠨ ᠰᠢᠬᠢᠷ ᠢ ᠠᠭᠠᠵᠢᠮ ᠢᠶᠠᠷ ᠳᠡᠭᠡᠭᠰᠢᠯᠡᠭᠦᠯᠦᠭᠰᠡᠨ ᠳᠠᠷᠠᠭ᠎ᠠ ᠲᠤᠭᠲᠠᠭᠤᠨ ᠪᠠᠶᠢᠳᠠᠯ ᠢ ᠪᠠᠲᠤᠯᠠᠨ᠎ᠠ᠃ ᠤᠭᠤᠷᠠᠭ ᠳᠤᠲᠤᠷᠠᠬᠢ ᠲᠠᠷᠠᠭ ᠤᠨ ᠰᠢᠪᠲᠤᠷᠲᠤ ᠬᠦᠴᠢᠯ ᠨᠢ ᠪᠠᠰᠠ ᠬᠦᠮᠦᠨ ᠤ ᠪᠡᠶ᠎ᠡ ᠶᠢᠨ ᠲᠤᠫᠠᠮᠢᠨ ᠪᠠ ᠪᠦᠬᠡᠷ᠎ᠡ ᠶᠢᠨ ᠳᠡᠭᠡᠳᠤ ᠪᠤᠯᠴᠢᠷᠬᠠᠢ ᠶᠢᠨ ᠡᠳ᠋ ᠰᠢᠭᠦᠷᠡᠬᠦᠯᠬᠦ ᠶᠢ ᠠᠬᠢᠭᠤᠯᠵᠣ᠂ ᠬᠦᠮᠦᠰ ᠤᠨ ᠰᠡᠳᠬᠢᠬᠦᠢ ᠶᠢ ᠬᠤᠷᠴᠠ ᠰᠡᠷᠭᠡᠭ ᠪᠤᠯᠭᠠᠳᠠᠭ᠃     ᠭᠤᠷᠪᠠ᠂ ᠦᠨᠳᠡᠬᠡᠨ ᠹᠤᠰᠹᠤᠷᠲᠤ ᠦᠬᠡᠬᠦ ᠡᠯᠪᠡᠭ ᠠᠭᠤᠯᠤᠭᠰᠠᠨ ᠢᠳᠡᠭᠡᠨ     ᠵᠢᠱᠢᠶᠡᠯᠡᠪᠡᠯ᠂ ᠲᠠᠬᠢᠶᠠᠨ ᠦᠨᠳᠡᠭᠡ᠂ ᠪᠤᠷᠴᠠᠭ ᠤᠨ ᠢᠳᠡᠬᠡᠨ ᠵᠡᠷᠬᠡ ᠦᠨᠳᠡᠭᠡᠨ ᠹᠤᠰᠹᠤᠷᠲᠤ ᠦᠬᠡᠬᠦ ᠰᠢᠩᠭᠡᠭᠡᠭᠳᠡᠭᠰᠡᠨ ᠤ ᠳᠠᠷᠠᠭ᠎ᠠ ᠰᠦᠰᠦᠨ ᠤ ᠱᠦᠯᠲᠤ ᠢᠯᠭᠠᠷᠠᠭᠤᠯᠵᠤ᠂ ᠡᠭᠦᠨ ᠤ ᠤᠯᠠᠮ ᠠᠴᠠ ᠮᠡᠳᠡᠷᠡᠯ ᠤᠨ ᠵᠠᠭᠤᠴᠢ ᠳᠠᠮᠵᠢᠭᠤᠯᠤᠭᠴᠢ ᠡᠳ᠋ ᠤᠨ ᠡᠲ᠋ᠠ ᠡᠰᠢᠯᠲᠤ ᠰᠦᠰᠦᠨ ᠤ ᠱᠦᠯᠲᠤ ᠶᠢ ᠨᠡᠶᠢᠯᠡᠭᠦᠯᠦᠨ᠂ ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠶᠢ ᠠᠬᠢᠭᠤᠯᠤᠨ ᠰᠠᠶᠢᠵᠢᠷᠠᠭᠤᠯᠳᠠᠭ᠃     ᠳᠦᠷᠪᠡ᠂ ᠸᠢᠲ᠋ᠠᠮᠢᠨ᠂ ᠡᠷᠦᠳᠡᠰᠦ ᠡᠯᠪᠡᠭ ᠠᠭᠤᠯᠤᠭᠰᠠᠨ ᠢᠳᠡᠭᠡᠨ     ᠵᠢᠱᠢᠶᠡᠯᠡᠪᠡᠯ᠂ ᠰᠢᠨ᠎ᠡ ᠰᠤᠷᠭᠤᠭ ᠵᠢᠮᠢᠰ ᠨᠤᠭᠤᠭ᠎ᠠ᠂ ᠸᠢᠲ᠋ᠠᠮᠢᠨ ᠪᠤᠯᠤᠨ ᠡᠷᠦᠳᠡᠰᠦ ᠪᠤᠳᠠᠰ ᠪᠤᠯ ᠶᠡᠭᠡ ᠲᠠᠷᠢᠬᠢᠨ ᠳᠤ ᠳᠤᠲᠠᠭᠳᠠᠵᠤ ᠪᠤᠯᠤᠰᠢ ᠦᠬᠡᠢ ︽ᠪᠠᠷᠢᠯᠭ᠎ᠠ ᠶᠢᠨ ᠮᠠᠲ᠋ᠧᠷᠢᠶᠠᠯ︾ ᠮᠦᠨ᠂ ᠤᠷᠭᠤᠮᠠᠯ ᠤᠨ ᠬᠢᠮᠢ ᠶᠢᠨ ᠪᠤᠳᠠᠰ ᠨᠢ ᠶᠡᠭᠡ ᠲᠠᠷᠢᠬᠢᠨ ᠳᠤ ᠤᠴᠠᠷᠠᠭᠤᠯᠬᠤ ᠴᠢᠯᠦᠬᠡᠲᠤ ᠡᠰ ᠤᠨ ᠬᠤᠬᠢᠷᠠᠯ ᠢ ᠡᠰᠡᠷᠭᠦᠴᠡᠵᠤ᠂ ᠴᠡᠬᠡᠵᠢᠯᠡᠬᠦ ᠴᠢᠳᠠᠪᠤᠷᠢ ᠶᠢ ᠬᠠᠮᠠᠭᠠᠯᠠᠳᠠᠭ᠃
 
ᠢᠷᠡᠯᠲᠡ᠄ ᠦᠪᠦᠷ ᠮᠤᠨᠭᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号