ᠮᠠᠨ ᠤ ᠤᠷᠤᠨ ᠭᠠᠯ ᠤᠨ ᠠᠶᠤᠯ ᠤᠨ ᠪᠠᠶᠢᠴᠠᠭᠠᠯᠲᠠ ᠶᠢ ᠪᠦᠬᠦ ᠲᠠᠯ᠎ᠠ ᠪᠠᠷ ᠦᠷᠨᠢᠭᠦᠯᠦᠨ᠎ᠡ
ᠨᠡᠶᠢᠲᠡᠯᠡᠭᠰᠡᠨ ᠴᠠᠭ᠄
2023/11/24
       11 ᠰᠠᠷ᠎ᠠ ᠪᠤᠯ ᠭᠠᠯ ᠤᠨ ᠠᠶᠤᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠪᠤᠯᠤᠨ᠎ᠠ᠂ ᠮᠠᠨ ᠤ ᠤᠷᠤᠨ ᠤ ᠭᠠᠯ ᠤᠨᠲᠠᠷᠠᠭᠠᠬᠤ ᠰᠠᠯᠠᠭ᠎ᠠ ᠮᠦᠴᠢᠷ ᠠᠴᠠ ᠭᠠᠯ ᠤᠨ ᠠᠶᠤᠯ ᠤᠨ ᠪᠠᠶᠢᠴᠠᠭᠠᠯᠲᠠ ᠶᠢᠨ ᠵᠢᠯᠤᠭᠤᠳᠬᠤ ᠳᠤᠭᠤᠶᠢᠯᠠᠩ ᠢ 300 ᠭᠠᠷᠤᠢ ᠵᠤᠬᠢᠶᠠᠨ ᠪᠠᠶᠢᠭᠤᠯᠵᠤ᠂ ᠪᠦᠬᠦ ᠤᠷᠤᠨ ᠤ 4000 ᠭᠠᠷᠤᠢ ᠨᠢᠭᠡᠴᠢ ᠳᠤ ᠭᠠᠯ ᠤᠨ ᠠᠶᠤᠯ ᠤᠨ ᠠᠮᠤᠷ ᠳᠦᠪᠰᠢᠨ  ᠤ ᠪᠠᠶᠢᠴᠠᠭᠠᠯᠲᠠ ᠶᠢᠨ ᠵᠢᠯᠤᠭᠤᠳᠤᠯᠭ᠎ᠠ᠂ ᠮᠡᠷᠭᠡᠵᠢᠯ ᠤᠨ ᠦᠢᠯᠡᠴᠢᠯᠡᠭᠡ᠂ ᠤᠠᠬᠭᠤᠯᠭ᠎ᠠ ᠶᠢᠨ ᠪᠤᠯᠪᠠᠰᠤᠷᠠᠯ᠂ ᠠᠶᠤᠯ ᠠᠴᠠ ᠵᠢᠭᠤᠳᠠᠬᠤ ᠰᠤᠷᠢᠯᠲᠠ ᠵᠡᠷᠭᠡ ᠦᠢᠯᠡᠴᠢᠯᠡᠭᠡ ᠬᠠᠩᠭᠠᠵᠤ᠂ ᠭᠠᠯ ᠤᠨ ᠠᠶᠤᠯ ᠤᠨ ᠶᠡᠭᠡ ᠵᠢᠭᠰᠠᠭᠠᠨ ᠪᠠᠶᠢᠴᠠᠭᠠᠯᠲᠠ ᠶᠢ ᠪᠦᠬᠦ ᠲᠠᠯ᠎ᠠ ᠪᠠᠷ ᠦᠷᠨᠢᠬᠦᠯᠦᠨ᠎ᠡ᠃        ᠭᠠᠯ ᠤᠨ ᠠᠶᠤᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠮᠠᠨ ᠤ ᠤᠷᠤᠨ ᠤ ᠭᠠᠯ ᠤᠨᠲᠠᠷᠠᠭᠠᠬᠤ ᠰᠠᠯᠠᠭ᠎ᠠ ᠮᠦᠴᠢᠷ ᠤᠳ ᠭᠠᠯ ᠤᠨ ᠠᠶᠤᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠲᠦᠪᠯᠡᠷᠡᠬᠦᠯᠦᠨ ᠦᠷᠨᠢᠬᠦᠯᠵᠤ᠂ ᠭᠠᠯ ᠤᠨ ᠠᠶᠤᠯ ᠤᠨ ᠬᠦᠨᠳᠦ ᠶᠡᠭᠡ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ᠂ ᠦᠪᠦᠷ ᠮᠤᠩᠭᠤᠯ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ᠂ ᠵᠢᠱᠢᠶᠡᠴᠢ ᠦᠪᠡᠷᠲᠡᠬᠡᠨ ᠵᠠᠰᠠᠬᠤ ᠤᠷᠤᠨ ᠢ ᠪᠦᠬᠦ ᠲᠠᠯ᠎ᠠ ᠪᠠᠷ ᠪᠦᠲᠦᠬᠡᠨ ᠪᠠᠶᠢᠭᠤᠯᠬᠤ ᠳᠤ ᠠᠮᠤᠷ ᠳᠦᠪᠰᠢᠨ ᠰᠠᠶᠢᠨ ᠰᠠᠶᠢᠬᠠᠨ ᠤᠷᠴᠢᠨ ᠲᠤᠭᠤᠷᠢᠨ ᠢ ᠪᠤᠢ ᠪᠤᠯᠭᠠᠨ᠎ᠠ᠃        ᠦᠪᠦᠷ ᠮᠤᠩᠭᠤᠯ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠤᠩᠭᠡᠢ ᠠᠩᠭᠢ ᠶᠢᠨ ᠭᠠᠯ ᠰᠡᠷᠭᠡᠶᠢᠯᠡᠬᠦ ᠭᠠᠵᠠᠷ ᠤᠨ ᠳᠡᠳ᠋ ᠳᠠᠷᠤᠭ᠎ᠠ ᠳ᠋ᠤᠸᠠᠨ ᡁᠢ ᠴᠢᠶᠠᠩ ᠲᠠᠨᠢᠯᠴᠠᠭᠤᠯᠬᠤ ᠳᠠᠭᠠᠨ᠄ ︽ᠮᠠᠨ ᠤ ᠤᠷᠤᠨ 5 ᠶᠡᠭᠡ ᠲᠦᠷᠦᠯ ᠤᠨ 22 ᠲᠠᠯᠠᠪᠤᠷ ᠭᠠᠵᠠᠷ ᠤᠨ ᠭᠠᠯ ᠤᠨ ᠠᠶᠤᠯ ᠢ ᠪᠠᠶᠢᠴᠠᠭᠠᠬᠤ ᠡᠭᠦᠷᠬᠡ ᠶᠢ ᠲᠤᠲᠤᠷᠬᠠᠢ ᠲᠤᠭᠲᠠᠭᠠᠵᠤ᠂ 8 ᠲᠦᠷᠦᠯ ᠤᠨ ᠭᠤᠤᠯᠳᠠᠯᠭ᠎ᠠ ᠲᠠᠢ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠨ ᠵᠠᠰᠠᠬᠤ ᠶᠢ ᠳᠤᠪᠤᠶᠢᠯᠭᠠᠨ᠂ ᠨᠢᠭᠡᠴᠢ ᠦᠪᠡᠰᠦᠭᠡᠨ ᠪᠠᠶᠢᠴᠠᠭᠠᠵᠤ ᠦᠪᠡᠰᠦᠬᠡᠨ ᠦᠭᠡᠷᠡᠴᠢᠯᠡᠬᠦ᠂ ᠦᠨᠳᠦᠰᠦᠨ ᠱᠠᠲᠤᠨ ᠳᠤ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠠᠵᠢᠯ ᠲᠦᠷᠦᠯ ᠳᠤ ᠲᠦᠪᠯᠡᠷᠡᠬᠦᠯᠦᠨ ᠪᠠᠶᠢᠴᠠᠭᠠᠬᠤ᠂ ᠭᠠᠯ ᠤᠨ ᠠᠶᠤᠯ ᠢ ᠭᠤᠤᠯᠳᠠᠯᠭ᠎ᠠ ᠲᠠᠢ ᠪᠠᠶᠢᠴᠠᠭᠠᠬᠤ ᠪᠠᠷ ᠳᠠᠮᠵᠢᠭᠤᠯᠤᠨ᠂ ᠭᠠᠯ ᠤᠨ ᠠᠶᠤᠯ ᠤᠨ ᠳᠠᠯᠳᠠ ᠭᠡᠮ ᠢ ᠴᠡᠭᠴᠡᠯᠡᠯᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ︾ ᠬᠡᠵᠡᠢ᠃        ᠡᠨᠡ ᠵᠢᠯ ᠠᠴᠠ ᠨᠠᠭᠠᠰᠢ᠂ ᠮᠠᠨ ᠤ ᠤᠷᠤᠨ ᠤ ᠭᠠᠯ ᠤᠨᠲᠠᠷᠠᠭᠠᠤ ᠰᠠᠯᠠᠭ᠎ᠠ ᠮᠦᠴᠢᠷ ᠨᠢ ᠭᠠᠯ ᠰᠡᠷᠭᠡᠶᠢᠯᠡᠬᠦ ᠠᠵᠢᠯ  ᠤᠨ ᠶᠠᠰᠤ ᠴᠢᠨᠠᠷ ᠢ ᠳᠡᠭᠡᠭᠰᠢᠯᠡᠬᠦᠯᠬᠦ᠂ ᠴᠢᠳᠠᠪᠤᠷᠢ ᠶᠢ ᠴᠢᠩᠭᠠᠳᠬᠠᠬᠤ᠂ ᠦᠷ᠎ᠡ ᠠᠰᠢᠭ ᠢ ᠨᠡᠮᠡᠭᠳᠡᠬᠦᠯᠬᠦ ᠶᠢ ᠪᠤᠳᠠᠳᠠᠢ ᠪᠠᠷ ᠠᠬᠢᠭᠤᠯᠪᠠ᠃ ︽ᠭᠠᠯ ᠤᠨᠲᠠᠷᠠᠭᠠᠬᠤ +︾ ᠠᠵᠢᠯ ᠤᠨ ᠵᠠᠭᠪᠤᠷ ᠢ ᠪᠠᠶᠢᠭᠤᠯᠵᠤ᠂ ᠬᠠᠮᠲᠤ ᠪᠠᠷ ᠬᠠᠮᠢᠶᠠᠷᠴᠤ ᠬᠠᠮᠲᠤ ᠪᠠᠷ ᠵᠠᠰᠠᠬᠤ ᠲᠤᠭᠲᠠᠴᠠ ᠶᠢ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ ᠨᠡᠶᠢᠲᠡ 670 ᠰᠢᠢᠳᠪᠤᠷᠢᠯᠡᠵᠤ᠂ ᠴᠠᠬᠢᠯᠭᠠᠨ ᠤ ᠳᠠᠯᠳᠠ ᠭᠡᠮ ᠢ 1.4 ᠲᠦᠮᠡ ᠭᠠᠷᠤᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠪᠠ᠃ ᠢᠯᠠᠩᠭᠤᠶ᠎ᠠ ᠲᠤᠮᠤ ᠬᠡᠯᠪᠡᠷᠢ ᠶᠢᠨ ᠠᠷᠠᠯᠵᠢᠶ᠎ᠠ ᠬᠤᠳᠠᠯᠳᠤᠭ᠎ᠠ᠂ ᠦᠨᠳᠦᠷ ᠪᠠᠷᠢᠯᠭ᠎ᠠ᠂ ᠡᠮ ᠡᠮᠨᠡᠯᠭᠡ ᠶᠢᠨ ᠪᠠᠶᠢᠭᠤᠯᠤᠮᠵᠢ᠂ ᠡᠳ᠋ ᠪᠠᠷᠠᠭᠠᠨ ᠤ ᠭᠦᠢᠯᠬᠡᠬᠡᠨ ᠤ ᠬᠦᠮᠦᠷᠬᠡ ᠵᠡᠷᠭᠡ 11 ᠭᠤᠤᠯᠳᠠᠯᠭ᠎ᠠ ᠲᠠᠢ ᠬᠦᠷᠢᠶᠡᠨ ᠳᠤ ᠭᠠᠯ ᠰᠡᠷᠬᠡᠶᠢᠯᠡᠨ ᠤᠨᠲᠠᠷᠠᠭᠠᠬᠤ ᠠᠮᠤᠷ ᠳᠦᠪᠰᠢᠨ ᠤ ᠵᠠᠰᠠᠯᠲᠠ ᠶᠢ ᠲᠦᠷᠦᠯ ᠬᠤᠪᠢᠶᠠᠨ ᠪᠠᠶᠢᠷᠢᠯᠠᠭᠤᠯᠵᠤ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠳᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠪᠠᠷ ᠰᠡᠷᠭᠡᠶᠢᠯᠡᠨ ᠠᠷᠢᠯᠭᠠᠪᠠ᠃
 
ᠢᠷᠡᠯᠲᠡ᠄ ᠦᠪᠦᠷ ᠮᠤᠨᠭᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号