ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ ᠪᠤᠯᠤᠳ ᠨᠠᠷ ᠳᠠᠯᠠᠢ ᠰᠤᠮᠤᠨ ᠳᠤ ᠬᠦᠨᠵᠡᠬᠡᠶᠢᠷᠡᠨ ᠪᠠᠶᠢᠴᠠᠭᠠᠨ ᠰᠤᠳᠤᠯᠤᠯᠲᠠ ᠬᠢᠵᠤ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2023/11/27
       11 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ  ᠤᠨ ᠤᠷᠳᠤᠨ ᠤ ᠳᠡᠳ᠋ ᠬᠤᠰᠢᠭᠤ ᠳᠠᠷᠤᠭ᠎ᠠ ᠪᠤᠯᠤᠳ᠂ ᠳᠡᠳ᠋ ᠬᠤᠰᠢᠭᠤ ᠳᠠᠷᠤᠭ᠎ᠠ ᠪᠡᠬᠡᠵᠢᠯᠲᠤ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠬᠦᠮᠦᠵᠢᠯᠲᠤ ᠨᠠᠷ ᠳᠠᠯᠠᠢ ᠰᠤᠮᠤ ᠳᠤ ᠭᠦᠨᠵᠡᠬᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠦᠷ᠎ᠡ ᠪᠦᠲᠦᠬᠡᠯ ᠢ ᠬᠦᠳᠡᠭᠡ ᠳᠤᠰᠬᠤᠨ ᠢ ᠬᠦᠭᠵᠢᠨ ᠮᠠᠨᠳᠤᠭᠤᠯᠬᠤ ᠲᠠᠢ ᠪᠦᠲᠦᠮᠵᠢᠲᠠᠢ ᠵᠤᠯᠭᠠᠭᠤᠯᠬᠤ ᠠᠵᠢᠯ ᠢ ᠪᠠᠬᠢᠵᠢᠬᠦᠯᠦᠨ ᠦᠷᠬᠡᠳᠬᠡᠬᠦ ᠠᠵᠢᠯ ᠢ ᠵᠢᠭᠠᠨ ᠵᠢᠯᠤᠭᠤᠳᠪᠠ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠬᠡᠰᠢᠬᠦᠳ ᠪᠠᠷ᠎ᠠ ᠪᠤᠯᠪᠠ᠃        ᠵᠢᠯᠤᠭᠤᠳᠬᠤ ᠳᠤᠭᠤᠶᠢᠯᠠᠩ ᠬᠠᠷᠢᠭᠤ ᠮᠡᠳᠡᠬᠦᠯᠦᠯᠲᠡ ᠰᠤᠨᠤᠰᠬᠤ᠂ ᠲᠠᠩᠰᠠ ᠡᠪᠬᠡᠮᠡᠯ ᠢ ᠪᠠᠶᠢᠴᠠᠭᠠᠬᠤ᠂ ᠶᠠᠷᠢᠯᠴᠠᠨ ᠰᠤᠯᠢᠯᠴᠠᠬᠤ ᠵᠡᠷᠭᠡ ᠬᠡᠯᠪᠡᠷᠢ ᠪᠠᠷ᠂ ᠰᠤᠮᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠦᠷ᠎ᠡ ᠪᠦᠲᠦᠬᠡᠯ ᠢ ᠪᠠᠬᠢᠵᠢᠬᠦᠯᠦᠨ ᠦᠷᠬᠡᠳᠬᠡᠬᠦ ᠪᠠ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠪᠦᠲᠦᠮᠵᠢᠲᠡᠢ ᠵᠤᠯᠭᠠᠭᠤᠯᠬᠤ ᠠᠵᠢᠯ ᠢ ᠦᠷᠨᠢᠬᠦᠯᠵᠤ ᠪᠠᠶᠢᠭ᠎ᠠ ᠪᠠᠶᠢᠳᠠᠯ ᠢ ᠨᠠᠷᠢᠨ ᠤᠶᠢᠯᠠᠭᠠᠬᠤ ᠶᠢᠨ ᠬᠠᠮᠲᠤ ᠤᠷᠤᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠳᠤ ᠵᠢᠯᠤᠭᠤᠳᠬᠤ ᠴᠢᠨᠠᠷᠲᠠᠢ ᠰᠠᠨᠠᠯ ᠳᠤᠷᠠᠳᠴᠠᠢ᠃        ᠵᠢᠯᠤᠭᠤᠳᠬᠤ ᠳᠤᠭᠤᠶᠢᠯᠠᠩ ᠠᠴᠠ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠤᠳᠠᠳᠠᠶᠢᠵᠢᠭᠤᠯᠬᠤ ᠬᠡᠷᠡᠭᠲᠡᠢ ᠃ ᠰᠤᠮᠤᠨ ᠤ ᠤᠳᠤᠷᠢᠳᠬᠤ ᠪᠠᠭ᠂ ᠨᠢᠭᠡᠳᠤᠭᠡᠷ ᠱᠦᠵᠢ᠂ ᠭᠠᠴᠠᠭ᠎ᠠ ᠳᠤ ᠰᠠᠭᠤᠭ᠎ᠠ ᠠᠵᠢᠯᠯᠯᠠᠬᠤ ᠠᠩᠭᠢ᠂ ᠭᠠᠴᠠᠭᠠᠨ ᠤ ︽ᠬᠤᠶᠠᠷ ᠵᠦᠪᠯᠡᠯ︾ ᠤᠨ ᠬᠡᠰᠢᠬᠦᠳ ᠠᠵᠢᠯ ᠤᠨ ᠬᠤᠪᠢᠶᠠᠷᠢᠯᠠᠯ ᠢᠶᠠᠨ ᠲᠤᠳᠤᠷᠬᠠᠶᠢᠯᠠᠵᠤ᠂ ᠠᠵᠢᠯ  ᠤᠨ ᠬᠠᠷᠢᠭᠤᠴᠠᠯᠭ᠎ᠠ ᠪᠠᠨ ᠡᠭᠦᠷᠬᠡᠯᠡᠵᠤ᠂ ᠬᠦᠲᠦᠯᠦᠨ ᠵᠢᠯᠤᠭᠤᠳᠬᠤ ᠪᠠᠨ ᠴᠢᠩᠭᠠᠳᠬᠠᠨ᠂ ᠲᠦᠷᠦ ᠶᠢᠨ ᠪᠤᠳᠤᠯᠭ᠎ᠠ  ᠶᠢ ᠤᠬᠠᠭᠤᠯᠬᠤ ᠪᠠ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠳᠤᠲᠠᠢ ᠰᠠᠶᠢᠲᠤᠷ ᠬᠢᠬᠦ ᠬᠡᠷᠡᠭᠲᠡᠢ᠃ ᠠᠰᠠᠭᠤᠳᠠᠯ  ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠬᠦᠴᠦᠨ ᠢᠶᠠᠨ ᠲᠦᠪᠯᠡᠷᠡᠬᠦᠯᠦᠨ ᠴᠠᠭ ᠢ ᠠᠮᠵᠢᠨ ᠠᠯᠳᠠᠭᠳᠠᠯ ᠲᠤᠲᠠᠭᠳᠠᠯ ᠢᠶᠠᠨ ᠨᠦᠬᠦᠪᠦᠷᠢᠯᠡᠵᠤ᠂ ᠮᠠᠲ᠋ᠧᠷᠢᠶᠠᠯ ᠢ ᠴᠤᠭᠯᠠᠭᠤᠯᠤᠨ ᠬᠤᠷᠢᠶᠠᠩᠭᠤᠶᠢᠯᠠᠬᠤ ᠶᠢ ᠰᠠᠶᠢᠲᠤᠷ ᠠᠳᠬᠤᠵᠤ᠂ ᠡᠯ᠎ᠡ ᠠᠵᠢᠯ ᠢ ᠨᠠᠷᠢᠨ ᠪᠤᠳᠠᠳᠠᠢ ᠬᠢᠬᠦ ᠬᠡᠷᠡᠭᠲᠡᠢ᠃ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠶᠢ ᠬᠢᠨᠠᠨ ᠬᠡᠮᠵᠢᠬᠦ ᠪᠠ ᠬᠠᠪᠰᠤᠷᠤᠨ ᠳᠡᠳᠬᠦᠬᠦ ᠲᠤᠭᠲᠠᠴᠠ ᠶᠢ ᠦᠨᠡᠨᠬᠦ ᠰᠠᠶᠢᠲᠤᠷ ᠬᠡᠷᠡᠭᠵᠢᠬᠦᠯᠵᠤ᠂ ᠪᠠᠶᠢᠳᠠᠯ ᠳᠤᠨᠢ ᠳᠤᠬᠢᠷᠠᠭᠤᠯᠵᠤ ᠠᠷᠭ᠎ᠠ ᠪᠤᠳᠤᠯᠭ᠎ᠠ ᠬᠡᠷᠡᠭᠵᠢᠬᠦᠯᠵᠤ ᠬᠠᠪᠰᠤᠷᠤᠨ ᠳᠡᠳᠬᠦᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠤᠯᠠᠨ ᠲᠠᠯ᠎ᠠ ᠪᠠᠷ ᠪᠠᠶᠢᠴᠠᠭᠠᠯᠲᠠ ᠦᠷᠨᠢᠬᠦᠯᠵᠤ᠂ ᠡᠯ᠎ᠡ ᠠᠵᠢᠯ ᠢ ᠨᠠᠷᠢᠯᠢᠭᠵᠢᠭᠤᠯᠤᠨ ᠳᠡᠭᠦᠯᠳᠡᠷᠵᠢᠬᠦᠯᠵᠤ᠂ ᠰᠤᠮᠤᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠦᠷ᠎ᠡ ᠪᠦᠲᠦᠬᠡᠯ ᠢ ᠬᠦᠲᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠠᠢ ᠪᠦᠲᠦᠮᠵᠢᠲᠠᠢ ᠵᠤᠯᠭᠠᠭᠤᠯᠬᠤ ᠠᠵᠢᠯ  ᠢ ᠤᠯᠠᠮ ᠴᠢᠨᠠᠭᠰᠢᠲᠠ ᠪᠦᠲᠦᠮᠵᠢᠲᠠᠢ ᠳᠡᠭᠡᠭᠰᠢᠯᠡᠬᠦᠯᠬᠦ ᠬᠡᠷᠡᠭᠲᠡᠢ ᠬᠡᠵᠤ ᠴᠢᠬᠤᠯᠠᠴᠢᠯᠠᠨ ᠱᠠᠭᠠᠷᠳᠠᠪᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠳᠠᠯᠠᠢ ᠰᠤᠮᠤᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号