︽ᠭᠡᠷ ᠪᠠ ᠨᠡᠶᠢᠬᠡᠮ ᠲᠤᠭᠤᠷᠢᠭ ᠲᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠵᠦᠭᠯᠡᠬᠦᠷ ︵ᠲᠤᠷᠰᠢᠨ ᠬᠡᠷᠡᠭᠵᠢᠬᠦᠯᠬᠦ︶︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/11/28
ᠨᠢᠬᠡ᠂ ᠲᠤᠭᠲᠠᠭᠠᠭᠰᠠᠨ ᠠᠬᠤᠢ ᠪᠠᠶᠢᠳᠠᠯ       ᠭᠡᠷ ᠪᠠ ᠨᠡᠶᠢᠬᠡᠮ ᠲᠤᠭᠤᠷᠢᠭ ᠲᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠠᠭᠤᠯᠭ᠎ᠠ  ᠶᠢ ᠴᠢᠨᠠᠭᠰᠢᠳᠠ ᠤᠯᠠᠮ ᠵᠢᠷᠤᠮᠵᠢᠭᠤᠯᠤᠨ᠂ ᠦᠢᠯᠡᠴᠢᠯᠡᠬᠡᠨ ᠤ ᠴᠢᠨᠠᠷ ᠢ ᠳᠡᠭᠡᠭᠰᠢᠯᠡᠬᠦᠯᠬᠦ ᠶᠢᠨ ᠲᠦᠯᠦᠬᠡ᠂ ᠬᠦᠨᠵᠡᠬᠡᠢ ᠪᠠᠶᠢᠴᠠᠭᠠᠨ ᠰᠤᠳᠤᠯᠵᠤ᠂ ᠦᠷᠬᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠤᠯᠤᠰ ᠤᠨ ᠡᠷᠡᠭᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠨᠢ ᠤᠯᠤᠰ ᠤᠨ ᠬᠢᠲᠠᠳ ᠡᠮ ᠡᠮᠨᠡᠯᠬᠡ ᠶᠢᠨ ᠲᠤᠪᠴᠢᠶ᠎ᠠ ᠪᠠ ᠤᠯᠤᠰ ᠤᠨ ᠡᠪᠡᠳᠴᠢᠨ ᠡᠮᠬᠡᠭ ᠢ ᠰᠡᠷᠭᠡᠶᠢᠯᠡᠨ ᠬᠤᠷᠢᠭᠯᠠᠬᠤ ᠲᠤᠪᠴᠢᠶ᠎ᠠ ᠲᠠᠢ ᠬᠠᠮᠲᠤᠷᠠᠨ ︽ᠭᠡᠷ ᠪᠠ ᠨᠡᠶᠢᠬᠡᠮ ᠲᠤᠭᠤᠷᠢᠭ ᠲᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠵᠦᠭᠯᠡᠬᠦᠷ ︵ᠲᠤᠷᠰᠢᠨ ᠬᠡᠷᠡᠭᠵᠢᠬᠦᠯᠬᠦ︶︾ ︵ᠳᠤᠷᠤᠭᠰᠢ ︽ᠵᠦᠭᠯᠡᠬᠦᠷ︾ ᠭᠡᠵᠤ ᠲᠤᠪᠴᠢᠯᠠᠨ᠎ᠠ︶ ᠢ ᠰᠤᠳᠤᠯᠤᠨ ᠲᠤᠭᠲᠠᠭᠠᠪᠠ᠃ ︽ᠵᠦᠭᠯᠡᠬᠦᠷ︾ ᠨᠢ ᠬᠤᠯᠪᠤᠭᠳᠠᠯ ᠪᠦᠬᠦᠢ ᠰᠠᠯᠭ᠎ᠠ ᠮᠦᠴᠢᠷ ᠤᠳ ᠤᠨ ᠪᠠᠷᠢᠮᠵᠢᠶ᠎ᠠ ᠵᠢᠷᠤᠮᠵᠢᠯ ᠢ ᠯᠠᠪᠯᠠᠨ᠂ ᠪᠦᠬᠦ ᠲᠠᠯᠠᠲᠤ ᠴᠢᠨᠠᠷ᠂ ᠤᠨᠤᠪᠴᠢᠲᠤ ᠴᠢᠨᠠᠷ᠂ ᠬᠤᠭᠤᠴᠠᠭᠠᠲᠤ ᠴᠢᠨᠠᠷ ᠪᠠ ᠬᠡᠷᠡᠭᠯᠡᠬᠡᠨ ᠤ ᠴᠢᠨᠠᠷ ᠵᠡᠷᠬᠡ ᠵᠠᠷᠴᠢᠮ ᠤᠳ ᠢ ᠵᠢᠷᠤᠮᠯᠠᠭᠰᠠᠨ ᠪᠦᠬᠡᠳ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠡᠷ ᠪᠠ ᠨᠡᠶᠢᠬᠡᠮ ᠲᠤᠭᠤᠷᠢᠭ ᠤᠨ ᠤᠷᠴᠢᠨ ᠳᠤ ᠬᠠᠩᠭᠠᠬᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠬᠡᠨ ᠤ ᠠᠭᠤᠯᠭ᠎ᠠ ᠬᠢᠬᠡᠳ ᠱᠠᠭᠠᠷᠳᠠᠯᠭ᠎ᠠ ᠶᠢ ᠵᠢᠷᠤᠮᠵᠢᠭᠤᠯᠵᠠᠢ᠃ᠬᠤᠶᠠᠷ᠂ ᠭᠤᠤᠯ ᠠᠭᠤᠯᠭ᠎ᠠ       ︽ᠵᠦᠭᠯᠡᠬᠦᠷ︾ ᠲᠤ ᠭᠡᠷ ᠪᠠ ᠨᠡᠶᠢᠬᠡᠮ ᠲᠤᠭᠤᠷᠢᠭ ᠲᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠶᠡᠷᠤᠩᠭᠡᠢ ᠳᠦᠷᠢᠮ᠂ ᠦᠨᠳᠦᠰᠦᠨ ᠱᠠᠭᠠᠷᠳᠠᠯᠭ᠎ᠠ᠂ ᠦᠢᠯᠡᠴᠢᠯᠡᠬᠡᠨ ᠤ ᠠᠭᠤᠯᠭ᠎ᠠ ᠬᠢᠬᠡᠳ ᠱᠠᠭᠠᠷᠳᠠᠯᠭ᠎ᠠ᠂ ᠦᠢᠯᠡᠴᠢᠯᠡᠬᠡᠨ ᠤ ᠶᠠᠪᠤᠴᠠ ᠬᠢᠭᠡᠳ ᠱᠠᠭᠠᠷᠳᠠᠯᠭ᠎ᠠ ᠵᠡᠷᠭᠡ 4 ᠲᠠᠯ᠎ᠠ ᠶᠢ ᠲᠤᠳᠤᠷᠬᠠᠢ ᠵᠢᠷᠤᠮᠵᠢᠭᠤᠯᠵᠠᠢ᠃ ᠭᠡᠷ ᠪᠠ ᠨᠡᠶᠢᠬᠡᠮ ᠲᠤᠭᠤᠷᠢᠭ ᠲᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠭᠡᠳᠡᠭ ᠪᠤᠯ ᠨᠦᠬᠦᠴᠡᠯ ᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠤᠯᠠᠨ ᠵᠤᠶᠢᠯ ᠤᠨ ᠠᠷᠭ᠎ᠠ ᠪᠠᠷ ᠭᠡᠷ  ᠲᠤ ᠪᠠᠨ ᠪᠠ ᠨᠡᠶᠢᠬᠡᠮ ᠲᠤᠭᠤᠷᠢᠭ ᠲᠤ ᠪᠠᠨ ᠠᠰᠠᠷᠠᠭᠤᠯᠵᠤ ᠪᠠᠶᠢᠭ᠎ᠠ ᠨᠠᠰᠤᠲᠠᠶᠢᠴᠤᠳ ᠲᠤ ᠴᠢᠬᠤᠯᠠ ᠪᠦᠬᠦᠢ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠶᠢ ᠵᠢᠭᠠᠵᠤ ᠪᠤᠢ᠂ ᠲᠤᠰ ᠦᠢᠯᠡᠴᠢᠯᠡᠭᠡ ᠶᠢ ᠭᠡᠷ ᠪᠠ ᠨᠡᠶᠢᠬᠡᠮ ᠲᠤᠭᠤᠷᠢᠭ ᠲᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠡᠯ᠎ᠡ ᠱᠠᠲᠤᠨ ᠤ ᠡᠯ᠎ᠡ ᠲᠦᠷᠦᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠡᠷᠡᠭᠵᠢᠬᠦᠯᠬᠦ ᠳᠤ ᠳᠤᠬᠢᠷᠠᠮᠵᠢᠲᠠᠢ᠂ ᠬᠤᠯᠪᠤᠭᠳᠠᠯ ᠪᠦᠬᠦᠢ ᠪᠠᠶᠢᠭᠤᠯᠤᠮᠵᠢ ᠶᠢᠨ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠭᠡ ᠨᠢ ᠤᠳᠤ ᠶᠢᠨ ᠬᠡᠷᠡᠭᠵᠢᠬᠦᠯᠵᠤ ᠪᠠᠶᠢᠭ᠎ᠠ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠵᠢᠷᠤᠮᠵᠢᠯ᠂ ᠪᠠᠷᠢᠮᠵᠢᠶ᠎ᠠ ᠪᠠ ᠬᠠᠮᠢᠶᠠᠷᠤᠯᠲᠠ ᠶᠢᠨ ᠲᠤᠭᠲᠠᠭᠠᠯ ᠢ ᠬᠡᠷᠡᠭᠵᠢᠬᠦᠯᠪᠡᠯ ᠵᠤᠬᠢᠬᠤ ᠶᠢ ᠶᠡᠷᠤᠩᠭᠡᠢ ᠳᠦᠷᠢᠮ ᠳᠤ ᠲᠤᠳᠤᠷᠬᠠᠶᠢᠯᠠᠵᠠᠢ᠃ ᠦᠨᠳᠦᠰᠦᠨ ᠱᠠᠭᠠᠷᠳᠠᠯᠭ᠎ᠠ ᠳᠤ ᠪᠠᠶᠢᠭᠤᠯᠤᠮᠵᠢ ᠶᠢᠨ ᠬᠢᠷᠢ ᠬᠡᠮ᠂ ᠪᠡᠯᠡᠳᠬᠡᠮᠵᠢ ᠳᠦᠬᠦᠬᠡᠷᠤᠮᠵᠢ ᠪᠠ ᠦᠢᠯᠡᠴᠢᠯᠡᠬᠦ ᠠᠵᠢᠯᠲᠠᠨ ᠤ ᠬᠢᠷᠢ ᠬᠡᠮ ᠵᠡᠷᠭᠡ 2 ᠲᠠᠯ᠎ᠠ ᠶᠢᠨ ᠠᠭᠤᠯᠭ᠎ᠠ ᠳᠤ ᠴᠢᠭᠯᠡᠬᠦᠯᠦᠭᠰᠡᠨ ᠲᠤᠳᠤᠷᠬᠠᠢ ᠲᠤᠭᠲᠠᠭᠠᠯ ᠭᠠᠷᠭᠠᠪᠠ᠃ ᠭᠡᠷ ᠪᠠ ᠨᠡᠶᠢᠬᠡᠮ ᠲᠤᠭᠤᠷᠢᠭ ᠲᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠨ ᠦᠢᠯᠡᠴᠢᠯᠡᠬᠦ ᠡᠮᠴᠢᠯᠡᠭᠡ ᠡᠷᠡᠭᠦᠯ ᠬᠠᠮᠠᠭᠠᠯᠠᠯ  ᠤᠨ ᠪᠠᠶᠢᠭᠤᠯᠤᠮᠵᠢ ᠨᠢ ᠠᠵᠢᠯ ᠡᠷᠬᠢᠯᠡᠬᠦ ᠵᠦᠪᠰᠢᠶᠡᠷᠡᠯ ᠢ ᠬᠠᠤᠯᠢ ᠶᠤᠰᠤᠭᠠᠷ ᠤᠯᠬᠤ ᠪᠤᠶᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ︵ᠬᠢᠲᠠᠳ ᠡᠮ ᠡᠮᠨᠡᠯᠬᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠢ ᠪᠠᠭᠲᠠᠭᠠᠨ᠎ᠠ︶ ᠲᠤ ᠳᠠᠩᠰᠠᠯᠠᠭᠤᠯᠵᠤ᠂ ᠡᠮᠨᠡᠯᠬᠡ ᠶᠢᠨ ᠠᠵᠢᠯᠲᠠᠨ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠤᠯᠭᠤᠭᠰᠠᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠪᠤᠶᠤ ᠵᠤᠬᠢᠬᠤ ᠲᠤᠰᠬᠠᠢ ᠮᠡᠷᠭᠡᠵᠢᠯ ᠤᠨ ᠵᠡᠷᠭᠡ ᠴᠤᠯᠠ ᠪᠠᠶᠢᠬᠤ ᠬᠡᠷᠡᠭᠲᠡᠢ᠃ ᠦᠢᠯᠡᠴᠢᠯᠡᠬᠡᠨ ᠤ ᠠᠭᠤᠯᠭ᠎ᠠ ᠪᠠ ᠱᠠᠭᠠᠷᠳᠠᠯᠭ᠎ᠠ ᠳᠤ ᠡᠷᠡᠭᠦᠯ ᠮᠡᠨᠳᠤ ᠶᠢᠨ ᠬᠦᠮᠦᠵᠢᠯ᠂ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ᠂ ᠲᠤᠭᠤᠷᠢᠨ ᠡᠮᠴᠢᠯᠡᠬᠦ ᠦᠢᠯᠡᠴᠢᠯᠡᠭᠡ᠂ ᠭᠡᠷ  ᠲᠤ ᠪᠠᠨ ᠰᠠᠭᠤᠵᠤ ᠡᠮᠴᠢᠯᠡᠬᠦᠯᠬᠦ ᠦᠢᠯᠡᠴᠢᠯᠡᠭᠡ᠂ ᠭᠡᠷ ᠲᠤ ᠨᠢ ᠬᠦᠷᠴᠦ ᠡᠮᠴᠢᠯᠡᠬᠦᠯᠬᠦ ᠦᠢᠯᠡᠴᠢᠯᠡᠭᠡ᠂ ᠬᠢᠲᠠᠳ ᠡᠮ ᠡᠮᠨᠡᠯᠬᠡ ᠶᠢᠨ ᠦᠢᠯᠡᠴᠢᠯᠡᠭᠡ᠂ ᠰᠡᠳᠬᠢᠴᠡ ᠮᠡᠳᠡᠷᠡᠯ ᠤᠨ ᠦᠢᠯᠡᠴᠢᠯᠡᠭᠡ᠂ ᠰᠢᠯᠵᠢᠬᠦᠯᠦᠨ ᠡᠮᠴᠢᠯᠡᠬᠦ ᠦᠢᠯᠡᠴᠢᠯᠡᠭᠡ ᠵᠡᠷᠭᠡ 8 ᠲᠦᠷᠦᠯ ᠤᠨ ᠦᠢᠯᠡᠴᠢᠯᠡᠬᠡᠨ ᠤ ᠪᠤᠳᠠᠳᠠᠢ ᠠᠭᠤᠯᠭ᠎ᠠ ᠶᠢ ᠲᠤᠳᠤᠷᠬᠠᠢ ᠲᠤᠭᠲᠠᠭᠠᠪᠠ᠃ ᠦᠢᠯᠡᠴᠢᠯᠡᠬᠡᠨ ᠤ ᠶᠠᠪᠤᠴᠠ ᠬᠢᠬᠡᠳ ᠱᠠᠭᠠᠷᠳᠠᠯᠭ᠎ᠠ ᠳᠤ ᠭᠤᠶᠤᠴᠢᠯᠠᠬᠤ᠂ ᠦᠨᠡᠯᠡᠨ ᠵᠢᠱᠢᠬᠦ᠂ ᠪᠠᠶᠢᠳᠠᠯ ᠢ ᠮᠡᠳᠡᠵᠤ ᠵᠦᠪᠰᠢᠶᠡᠷᠡᠬᠦ᠂ ᠦᠢᠯᠡᠴᠢᠯᠡᠬᠦ᠂ ᠲᠡᠮᠳᠡᠭᠯᠡᠬᠦ᠂ ᠳ᠋ᠦᠩᠨᠡᠨ ᠰᠠᠶᠢᠵᠢᠷᠠᠭᠤᠯᠬᠤ ᠵᠡᠷᠭᠡ 6 ᠭᠤᠭᠴᠤᠭ᠎ᠠ ᠶᠢ ᠲᠤᠲᠤᠷᠬᠠᠢ ᠳᠤᠷᠠᠳᠤᠭᠰᠠᠨ ᠮᠦᠷᠲᠡᠬᠡᠨ 9 ᠵᠤᠶᠢᠯ ᠤᠨ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠥᠪᠤᠷ ᠮᠤᠩᠭᠤᠯ ᠤᠨ ᠵᠠᠰᠠᠭ ᠤᠨ ᠤᠷᠳᠣᠨ ᠤ ᠮᠤᠩᠭᠤᠯ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号