ᠨᠤᠮᠦ ᠰᠤᠮᠤᠨ ᠤ ᠲᠦᠷᠦᠯ ᠵᠦᠢᠯ ᠪᠠ ᠢᠯᠭᠠᠭ᠎ᠠ ᠭᠡᠷᠡᠭᠴᠡᠭᠡ
ᠨᠡᠶᠢᠲᠡᠯᠡᠭᠰᠡᠨ ᠴᠠᠭ᠄
2023/11/30
          ᠨᠤᠮᠤ ᠰᠤᠮᠤᠨ ᠤ ᠲᠦᠷᠦᠯ ᠵᠦᠢᠯ ᠤᠯᠠᠨ᠂ ᠭᠡᠷᠡᠭᠯᠡᠭᠦ ᠭᠦᠷᠢᠶ᠎ᠠ ᠭᠡᠪᠴᠢᠶ᠎ᠠ ᠦᠷᠭᠡᠨ᠂ ᠤᠳᠤᠬᠠᠨ ᠤ ᠮᠠᠨ ᠤ ᠤᠯᠤᠰ ᠲᠤ ᠲᠦᠭᠡᠮᠡᠯ ᠭᠡᠷᠡᠭᠯᠡᠵᠦ ᠪᠠᠶᠢᠭ᠎ᠠ ᠨᠤᠮᠤ ᠰᠤᠮᠤ ᠭᠤᠷᠪᠠᠨ ᠲᠦᠷᠦᠯ ᠪᠠᠶᠢᠵᠦ᠂ ᠭᠤᠤᠯᠳᠠᠭᠤ ᠠᠵᠢᠯ ᠲᠦᠷᠦᠯ ᠢᠶᠠᠷ ᠨᠢ ᠤᠯᠠᠮᠵᠢᠯᠠᠯᠳᠦ ᠨᠤᠮᠤ ᠰᠤᠮᠤ᠂ ᠤᠳᠤᠬᠢᠴᠢᠯᠠᠬᠰᠠᠨ ᠲᠤᠰᠬᠠᠢ ᠮᠡᠷᠭᠡᠵᠢᠯ ᠤᠨ ᠨᠤᠮᠤ ᠰᠤᠮᠤ ᠪᠠ ᠲᠤᠬᠯᠠᠭᠠᠮ ᠤᠨ ᠨᠤᠮᠤ ᠰᠤᠮᠤ ᠭᠡᠵᠦ ᠬᠤᠪᠢᠶᠠᠳᠠᠭ᠃ ᠤᠯᠠᠮᠵᠢᠯᠠᠯᠳᠦ ᠨᠤᠮᠤ ᠰᠤᠮᠤ ᠤᠯᠠᠮᠵᠢᠯᠠᠯᠳᠦ ᠨᠤᠮᠤ ᠰᠤᠮᠤ ᠨᠢ ᠤᠯᠠᠨ ᠵᠠᠭᠤᠨ ᠵᠢᠯ ᠤᠯᠠᠮᠵᠢᠯᠠᠵᠦ ᠢᠷᠡᠭᠰᠡᠨ ᠪᠠᠶᠢᠭᠠᠯᠢᠯᠢᠭ ᠪᠤᠳᠠᠰ ᠭᠡᠷᠡᠭᠯᠡᠵᠦ᠂ ᠭᠠᠷ ᠤᠷᠠᠯᠠᠯ ᠢᠶᠠᠷ ᠪᠦᠳᠦᠭᠡᠭᠰᠡᠨ ᠪᠠᠶᠢᠳᠠᠭ᠃ ᠲᠤᠰ ᠨᠤᠮᠤ ᠰᠤᠮᠤ ᠶᠢ ᠤᠯᠠᠮᠵᠢᠯᠠᠯᠳᠦ ᠪᠡᠶ᠎ᠠ ᠶᠢᠨ ᠲᠠᠮᠢᠷ ᠤᠨ ᠤᠯᠠᠨ ᠤᠯᠤᠰ ᠤᠨ ᠤᠷᠤᠯᠳᠤᠭᠠᠨ᠂ ᠤᠯᠤᠰ ᠤᠷᠤᠨ ᠤ ᠴᠦᠭᠡᠨ ᠲᠤᠭᠠᠳᠦ ᠦᠨᠳᠦᠰᠦᠳᠡᠨ ᠤ ᠪᠡᠶ᠎ᠠ ᠶᠢᠨ ᠲᠠᠮᠢᠷ ᠤᠨ ᠴᠤᠬᠯᠠᠭᠠᠨ ᠳᠤ ᠵᠢᠩᠭᠢᠨᠢ ᠲᠦᠷᠦᠯ ᠵᠦᠢᠯ ᠢᠶᠠᠷ ᠭᠡᠷᠡᠭᠯᠡᠵᠦ᠂ ᠦᠨᠳᠦᠰᠦᠳᠡᠨ ᠤ ᠭᠠᠵᠠᠷ ᠤᠷᠤᠨ ᠨᠠᠶᠢᠷ ᠨᠠᠭᠠᠳᠤᠮ ᠳᠤ ᠦᠷᠭᠡᠨ ᠢᠶᠠᠷ ᠭᠡᠷᠡᠭᠯᠡᠵᠦ ᠪᠠᠶᠢᠭ᠎ᠠ ᠶᠤᠮ᠃ ᠲᠡᠭᠦᠨ ᠤ ᠪᠦᠳᠦᠴᠡ ᠨᠢ ᠭᠤᠤᠯᠳᠠᠭᠤ ᠪᠠᠶᠢᠭᠠᠯᠢᠯᠢᠭ ᠪᠤᠳᠠᠰ᠂ ᠦᠭᠡᠷ ᠤᠨ ᠡᠪᠡᠷ᠂ ᠬᠤᠯᠤᠰᠦ᠂ ᠰᠢᠪᠤᠰᠤ ᠵᠡᠷᠭᠡ ᠶᠢ ᠴᠠᠪᠠᠦ ᠪᠠᠷ ᠨᠠᠭᠠᠯᠳᠤᠭᠤᠯᠤᠨ ᠭᠦᠮᠦᠨ ᠤ ᠭᠦᠴᠦ ᠶᠢ ᠠᠰᠢᠬᠯᠠᠨ ᠪᠦᠳᠦᠭᠡᠭᠰᠡᠨ ᠤᠯᠠᠮᠵᠢᠯᠠᠯᠳᠦ ᠭᠠᠷ ᠤᠷᠠᠯᠠᠯ ᠤᠨ ᠪᠦᠳᠦᠭᠡᠯ ᠪᠤᠯᠤᠨ᠎ᠠ᠃ ᠦᠢᠯᠡᠳᠦᠯ ᠪᠠ ᠭᠡᠷᠡᠭᠴᠡᠭᠡ ᠨᠢ ᠭᠡᠪᠡᠯ ᠦᠨᠳᠦᠰᠦᠳᠡᠨ ᠤ ᠤᠯᠠᠮᠵᠢᠯᠠᠯᠳᠦ ᠨᠠᠶᠢᠷ ᠨᠠᠭᠠᠳᠤᠮ ᠳᠤ ᠲᠤᠰᠬᠠᠢ ᠭᠡᠷᠡᠭᠯᠡᠳᠡᠭ᠃ ᠠᠷᠠᠳ ᠨᠡᠶᠢᠳᠡ ᠶᠢᠨ ᠲᠤᠮᠳᠠ ᠲᠦᠭᠡᠮᠡᠯ ᠲᠡᠯᠭᠡᠷᠡᠭᠰᠡᠨ ᠤᠯᠠᠨ ᠲᠦᠮᠡᠨᠴᠢ ᠰᠠᠭᠤᠷᠢ ᠭᠦᠨ ᠵᠤᠵᠠᠭᠠᠨ᠂ ᠤᠯᠠᠮᠵᠢᠯᠠᠯᠳᠦ ᠡᠷ᠎ᠠ ᠶᠢᠨ ᠭᠤᠷᠪᠠᠨ ᠨᠠᠭᠠᠳᠤᠮ ᠤᠨ ᠴᠢᠬᠤᠯᠠ ᠲᠦᠷᠦᠯ ᠵᠦᠢᠯ ᠪᠤᠯᠬᠤ ᠪᠦᠭᠡᠳ ᠠᠷᠠᠳ ᠲᠦᠮᠡᠨ ᠤ ᠪᠡᠶ᠎ᠠ ᠮᠠᠬᠠᠪᠤᠳ ᠢ ᠴᠢᠬᠢᠷᠠᠬᠵᠢᠭᠤᠯᠬᠤ ᠠᠵᠢᠯᠯᠠᠭᠠᠨ ᠳᠤ ᠵᠤᠬᠢᠴᠠᠭᠰᠠᠨ ᠦᠷᠭᠡᠨ ᠭᠡᠷᠡᠭᠴᠡᠭᠡ ᠲᠠᠢ ᠤᠯᠠᠮᠵᠢᠯᠠᠯᠳᠦ ᠪᠡᠶ᠎ᠠ ᠶᠢᠨ ᠲᠠᠮᠢᠷ ᠤᠨ ᠪᠠᠭᠠᠵᠢ ᠲᠦᠭᠦᠭᠡᠷᠦᠮᠵᠢ ᠪᠤᠯᠬᠤ ᠶᠤᠮ᠃ ᠡᠶᠢᠮᠦ ᠠᠴᠠ ᠲᠤᠰ ᠨᠤᠮᠤ ᠰᠤᠮᠤ ᠶᠢ ᠭᠡᠷᠡᠭᠯᠡᠭᠦ ᠭᠦᠷᠢᠶ᠎ᠡ ᠭᠡᠪᠴᠢᠶ᠎ᠠ ᠦᠷᠭᠡᠨ᠂ ᠤᠷᠤᠯᠴᠠᠬᠤ ᠭᠦᠮᠦᠨ ᠬᠢᠵᠠᠭᠠᠷ ᠦᠭᠡᠢ ᠪᠠᠶᠢᠳᠠᠭ᠃ ᠲᠤᠰᠬᠠᠢ ᠮᠡᠷᠭᠡᠵᠢᠯ ᠤᠨ ᠤᠳᠤᠬᠢᠴᠢᠯᠠᠬᠰᠠᠨ ᠨᠤᠮᠤ ᠰᠤᠮᠤ ᠤᠳᠤᠬᠢᠴᠢᠯᠠᠬᠰᠠᠨ ᠲᠤᠰᠬᠠᠢ ᠮᠡᠷᠭᠡᠵᠢᠯ ᠤᠨ ᠨᠤᠮᠤ ᠰᠤᠮᠤ ᠨᠢ ᠲᠡᠭᠡᠳᠦ ᠲᠡᠰ ᠤᠨ ᠮᠠᠰᠢᠨ ᠮᠡᠷᠭᠡᠵᠢᠯ ᠢᠶᠠᠷ ᠵᠤᠬᠢᠶᠠᠨ ᠪᠦᠳᠦᠭᠡᠭᠰᠡᠨ ᠲᠡᠷᠢᠭᠦᠨ ᠤ ᠨᠤᠮᠤ ᠰᠤᠮᠤᠨ ᠤ ᠪᠠᠭᠠᠵᠢ ᠲᠦᠭᠦᠭᠡᠷᠦᠮᠵᠢ ᠪᠤᠯᠤᠨ᠎ᠠ᠃ ᠲᠤᠰ ᠨᠤᠮᠤ ᠰᠤᠮᠤ ᠨᠢ ᠡᠳᠦᠭᠡ ᠲᠡᠯᠡᠭᠡᠢ ᠶᠢᠨ ᠤᠯᠢᠮᠫᠢᠺ᠂ ᠠᠽᠢᠶ᠎ᠠ ᠲᠢᠪ ᠪᠠ ᠪᠦᠭᠦ ᠤᠯᠤᠰ ᠤᠷᠤᠨ ᠤ ᠦᠷᠢᠰᠦᠯᠳᠦᠭᠡᠨ ᠤ ᠪᠡᠶ᠎ᠠ ᠶᠢᠨ ᠲᠠᠮᠢᠷ ᠤᠨ ᠤᠷᠤᠯᠳᠤᠭᠠᠨ ᠤ ᠲᠤᠰᠬᠠᠢ ᠮᠡᠷᠭᠡᠵᠢᠯ ᠤᠨ ᠲᠦᠷᠦᠯ ᠵᠦᠢᠯ ᠳᠤ ᠭᠡᠷᠡᠭᠯᠡᠵᠦ ᠪᠠᠶᠢᠭ᠎ᠠ ᠶᠤᠮ᠃ ᠲᠡᠭᠦᠨ ᠤ ᠪᠦᠳᠦᠴᠡ ᠨᠢ ᠭᠤᠤᠯᠳᠠᠭᠤ ᠬᠢᠮᠢ ᠶᠢᠨ ᠪᠤᠳᠠᠰ ᠢ ᠲᠡᠷᠢᠭᠦᠨ ᠤ ᠲᠡᠭᠡᠳᠦ ᠲᠡᠰ ᠤᠨ ᠮᠠᠰᠢᠨ ᠮᠡᠷᠭᠡᠵᠢᠯ ᠢᠶᠠᠷ ᠭᠡᠪᠰᠢᠭᠦᠯᠦᠨ ᠲᠠᠷᠤᠮᠠᠯᠯᠠᠵᠦ᠂ ᠰᠤᠳᠤᠯᠤᠨ ᠪᠦᠳᠦᠭᠡᠭᠰᠡᠨ ᠲᠡᠷᠢᠭᠦᠨ ᠲᠡᠰ ᠤᠨ ᠨᠤᠮᠤ ᠰᠤᠮᠤ ᠪᠤᠯᠤᠨ᠎ᠠ᠃ ᠲᠤᠰ ᠨᠤᠮᠤ ᠰᠤᠮᠤ ᠶᠢ ᠠᠮᠧᠷᠢᠺᠠ ᠤᠯᠤᠰ᠂ ᠺᠤᠷᠢᠶᠠ ᠤᠯᠤᠰ᠂ ᠲᠤᠮᠳᠠᠳᠦ ᠤᠯᠤᠰ ᠲᠤ ᠭᠤᠤᠯᠴᠢᠯᠠᠨ ᠦᠢᠯᠡᠳᠪᠦᠷᠢᠯᠡᠵᠦ ᠪᠠᠶᠢᠳᠠᠭ᠃ ᠦᠢᠯᠡᠳᠦᠯ ᠪᠠ ᠭᠡᠷᠡᠭᠴᠡᠭᠡ ᠨᠢ ᠭᠡᠪᠡᠯ ᠦᠷᠢᠰᠦᠯᠳᠦᠭᠡᠨ ᠤ ᠪᠡᠶ᠎ᠠ ᠶᠢᠨ ᠲᠠᠮᠢᠷ ᠤᠨ ᠠᠵᠢᠯ ᠦᠢᠯᠡᠰ ᠲᠤ ᠵᠤᠷᠢᠭᠤᠯᠤᠨ᠂ ᠲᠤᠰᠬᠠᠢ ᠲᠦᠷᠦᠯ ᠢᠶᠠᠷ ᠦᠢᠯᠡᠳᠪᠦᠷᠢᠯᠡᠨ᠂ ᠤᠯᠢᠮᠫᠢᠺ᠂ ᠠᠽᠢᠶ᠎ᠠ ᠲᠢᠪ ᠤᠨ ᠲᠠᠮᠢᠷ ᠤᠨ ᠴᠤᠬᠯᠠᠭᠠᠨ ᠪᠤᠯᠤᠨ ᠤᠯᠤᠰ ᠤᠨ ᠲᠤᠳᠤᠭᠠᠳᠦ ᠳᠠᠬᠢ ᠲᠤᠰᠬᠠᠢ ᠲᠦᠷᠦᠯ ᠤᠨ ᠦᠷᠢᠰᠦᠯᠳᠦᠭᠡᠨ ᠤ ᠪᠡᠶ᠎ᠠ ᠶᠢᠨ ᠲᠠᠮᠢᠷ ᠤᠨ ᠴᠤᠬᠯᠠᠭᠠᠨ ᠳᠤ ᠤᠷᠤᠯᠴᠠᠬᠤ᠂ ᠲᠤᠰᠬᠠᠢ ᠪᠤᠯᠪᠠᠰᠤᠷᠠᠯ ᠲᠠᠢ᠂ ᠲᠤᠰᠬᠠᠢ ᠮᠡᠷᠭᠡᠵᠢᠯ ᠤᠨ ᠲᠠᠮᠢᠷᠴᠢᠳ ᠭᠡᠷᠡᠭᠯᠡᠳᠡᠭ᠃ ᠡᠶᠢᠮᠦ ᠠᠴᠠ ᠲᠤᠰ ᠨᠤᠮᠤ ᠰᠤᠮᠤ ᠶᠢ ᠭᠡᠷᠡᠭᠯᠡᠭᠦ ᠭᠦᠷᠢᠶ᠎ᠠ ᠭᠡᠪᠴᠢᠶ᠎ᠠ ᠪᠠ ᠤᠷᠤᠯᠳᠤᠭᠠᠨ ᠳᠤ ᠤᠷᠤᠯᠴᠠᠬᠤ ᠲᠠᠮᠢᠷᠴᠢᠳ ᠬᠢᠵᠠᠭᠠᠷ ᠲᠠᠢ ᠪᠠᠶᠢᠳᠠᠭ᠃ ᠭᠡᠪᠡᠴᠦ ᠲᠡᠭᠦᠨ ᠤ ᠤᠯᠤᠰ᠂ ᠦᠨᠳᠦᠰᠦᠳᠡᠨ ᠤ ᠨᠡᠷ᠎ᠠ ᠠᠯᠳᠠᠷ ᠢ ᠨᠦᠯᠦᠭᠡᠯᠡᠭᠦ ᠭᠦᠴᠦᠨ ᠲᠤᠩ ᠶᠡᠭᠡ ᠪᠠᠶᠢᠳᠠᠭ᠃ ᠲᠤᠬᠯᠠᠭᠠᠮ ᠤᠨ ᠨᠤᠮᠤ ᠰᠤᠮᠤ ᠲᠤᠬᠯᠠᠭᠠᠮ ᠤᠨ ᠨᠤᠮᠤ ᠰᠤᠮᠤ ᠨᠢ ᠵᠤᠭᠠᠴᠠᠯ ᠤᠨ ᠭᠠᠵᠠᠷ ᠤᠳ ᠢᠶᠠᠷ ᠭᠡᠷᠡᠭᠯᠡᠵᠦ ᠪᠠᠶᠢᠳᠠᠭ᠃ ᠵᠤᠭ᠎ᠠ ᠴᠡᠩᠭᠡᠯ ᠤᠨ ᠨᠠᠭᠠᠳᠤᠮ ᠲᠤᠬᠯᠠᠭᠠᠮ ᠳᠤ ᠵᠤᠷᠢᠭᠤᠯᠤᠨ ᠦᠢᠯᠡᠳᠪᠦᠷᠢᠯᠡᠭᠰᠡᠨ ᠪᠠᠶᠢᠳᠠᠭ᠃ ᠲᠤᠰ ᠨᠤᠮᠤ ᠰᠤᠮᠤ ᠶᠢᠨ ᠪᠦᠳᠦᠴᠡ ᠨᠢ ᠭᠤᠤᠯᠳᠠᠭᠤ ᠵᠤᠬᠢᠶᠠᠮᠠᠯ ᠬᠢᠮᠢ ᠶᠢᠨ ᠪᠤᠳᠠᠰ ᠢᠶᠠᠷ ᠪᠦᠳᠦᠭᠡᠭᠰᠡᠨ᠂ ᠭᠦᠷᠳᠦᠳᠦ ᠨᠤᠮᠤ ᠪᠤᠶᠤ ᠪᠤᠰᠤᠳ ᠵᠦᠢᠯ ᠤᠨ ᠲᠦᠭᠦᠮ ᠬᠢᠴᠡ ᠲᠠᠢ ᠨᠤᠮᠤ ᠰᠤᠮᠤ ᠪᠠᠶᠢᠳᠠᠭ᠃ ᠦᠢᠯᠡᠳᠦᠯ ᠪᠠ ᠭᠡᠷᠡᠭᠴᠡᠭᠡ ᠨᠢ ᠭᠡᠪᠡᠯ ᠨᠠᠭᠠᠳᠤᠮ ᠲᠤᠬᠯᠠᠭᠠᠮ᠂ ᠵᠤᠭ᠎ᠠ ᠴᠡᠩᠭᠡᠯ ᠤᠨ ᠭᠡᠷᠡᠭᠴᠡᠭᠡ ᠦᠢᠯᠡᠳᠦᠯ ᠲᠠᠢ ᠪᠠᠶᠢᠳᠠᠭ᠃    
 
ᠢᠷᠡᠯᠲᠡ᠄ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号