ᠮᠠᠨ ᠤ ᠬᠤᠰᠢᠭᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/30
        11 ᠳ᠋ᠦᠬᠡᠷ ᠰᠠᠷ᠎ᠠ ᠶᠢᠨ 13 ᠤ ᠡᠳᠦᠷ᠂ ᠮᠠᠨ ᠤ ᠬᠤᠰᠢᠭᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠠᠵᠢᠯ ᠤᠨ ᠪᠠᠶᠢᠳᠠᠯ ᠢ ᠮᠡᠳᠡᠭᠳᠡᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠨ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃  ᠬᠤᠰᠢᠭᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ  ᠪᠠᠶᠢᠩᠭᠤ ᠶᠢᠨ ᠳᠡᠳ᠋ ᠳᠠᠷᠤᠭ᠎ᠠ  ᠪᠤᠯᠤᠳ ᠬᠤᠷᠠᠯ ᠳᠤ ᠣᠷᠣᠯᠴᠠᠪᠠ᠃         ᠬᠤᠷᠠᠯ ᠠᠴᠠ  ᠱᠠᠭᠠᠷᠳᠠᠭᠰᠠᠨ ᠨᠢ᠄ ᠡᠯ᠎ᠡ ᠰᠠᠯᠠᠭ᠎ᠠ ᠮᠥᠴᠢᠷ  ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠭᠦᠢᠴᠡᠳᠬᠡᠯ ᠲᠤᠭ᠎ᠠ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠨ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠵᠤ᠂ ᠠᠰᠠᠭᠤᠳᠠᠯ ᠤᠨ  ᠲᠤᠳᠠᠭᠳᠠᠯ ᠳᠤ ᠠᠩᠬᠠᠷᠤᠯ ᠢᠶᠠᠨ  ᠲᠦᠪᠯᠡᠷᠡᠬᠦᠯᠦᠨ᠂ ᠭᠡᠷᠡᠴᠢᠯᠡᠬᠦ  ᠮᠠᠲ᠋ᠧᠷᠢᠶᠠᠯ  ᠴᠤᠭᠯᠠᠭᠤᠯᠬᠤ ᠪᠡᠯᠡᠳᠬᠡᠯ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠲᠤᠭ᠎ᠠ  ᠬᠡᠮᠵᠢᠶ᠎ᠡ᠂ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ︔ ᠲᠦᠷᠦᠭᠦᠯᠡᠨ ᠬᠢᠬᠦ ᠰᠠᠯᠠᠭ᠎ᠠ ᠮᠥᠴᠢᠷ ᠂ ᠨᠢᠭᠡᠳᠦᠯᠲᠡᠢ ᠲᠥᠯᠥᠪᠵᠢᠭᠦᠯᠦᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢ ᠭᠦᠢᠴᠡᠳ ᠪᠠᠳᠠᠷᠠᠭᠤᠯᠵᠤ᠂   ᠬᠠᠮᠵᠢᠯᠴᠠᠬᠤ ᠵᠣᠬᠢᠴᠠᠭᠤᠯᠬᠤ ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠩᠭᠠᠳᠬᠠᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂  ᠲᠤᠳᠠᠭᠳᠠᠯ ᠢᠶᠠᠨ ᠴᠠᠭ ᠲᠤᠬᠠᠢ ᠳᠤᠨᠢ ᠪᠠᠶᠢᠴᠠᠭᠠᠨ ᠨᠥᠬᠦᠪᠥᠷᠢᠯᠡᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠲᠦᠪᠰᠢᠨ ᠢ ᠴᠢᠨᠠᠭᠰᠢᠳᠠ  ᠲᠡᠬᠡᠭᠰᠢᠯᠡᠬᠦᠯᠦᠨ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦ ᠨᠡᠮᠡᠷᠢᠯᠡᠬᠦ ᠬᠡᠷᠡᠭᠲᠡᠢ ᠭᠡᠪᠠ᠃         ᠬᠤᠰᠢᠭᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠬᠤᠷᠠᠯ ᠳᠤ ᠣᠷᠣᠯᠴᠠᠵᠠᠶ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号