ᠰᠤᠷᠭᠠᠭᠤᠯᠢ ᠶᠢᠨ ᠬᠦᠷᠢᠶᠡᠨ ᠤ ᠠᠮᠤᠷ ᠳᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2023/11/7
    ᠡᠨᠡ ᠵᠢᠯ ᠠᠴᠠ ᠨᠠᠭᠠᠰᠢ᠂ ᠮᠠᠨ ᠤ ᠤᠷᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠬᠢᠨ ᠰᠤᠷᠭᠠᠭᠤᠯᠢ ᠎ ᠶᠢᠨ ᠬᠦᠷᠢᠶᠡᠨ ᠤ ᠠᠮᠤᠷ ᠳᠦᠪᠰᠢᠨ ᠢ ᠰᠤᠯᠪᠢᠴᠠᠭᠤᠯᠤᠨ ᠪᠠᠶᠢᠴᠠᠭᠠᠬᠤ ᠠᠵᠢᠯ ᠢ ᠦᠷᠬᠦᠯᠵᠢᠯᠡᠨ ᠦᠷᠨᠢᠬᠦᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠳᠦᠪᠰᠢᠨ ᠤ ᠬᠠᠯᠬᠠᠪᠴᠢ ᠶᠢ ᠪᠡᠵᠢᠬᠦᠯᠵᠤ ᠪᠤᠢ᠃     ︽ᠦᠪᠦᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠰᠤᠷᠭᠠᠭᠤᠯᠢ ᠶᠢᠨ ᠬᠦᠷᠢᠶᠡᠨ ᠤ ᠠᠮᠤᠷ ᠳᠦᠪᠰᠢᠨ ᠢ ᠰᠤᠯᠪᠢᠴᠠᠭᠤᠯᠤᠨ ᠪᠠᠶᠢᠴᠠᠭᠠᠬᠤ ᠠᠵᠢᠯ ᠤᠨ ᠳᠦᠰᠦᠯ︾᠎ ᠢ ᠦᠨᠳᠦᠰᠦᠯᠡᠨ᠂ ᠪᠦᠬᠦ ᠤᠷᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠬᠢᠨ ᠠᠮᠤᠷ ᠳᠦᠪᠰᠢᠨ ᠤ ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠨ ᠪᠤᠳᠠᠳᠠᠶᠢᠵᠢᠭᠤᠯᠬᠤ᠂ ᠭᠤᠤᠯᠳᠠᠯᠭ᠎ᠠ ᠲᠠᠢ ᠬᠦᠷᠢᠶᠡᠨ ᠤ ᠳᠠᠯᠲᠠ ᠬᠡᠮ ᠢ ᠪᠠᠶᠢᠴᠠᠭᠠᠵᠤ ᠴᠡᠭᠴᠡᠯᠡᠨ ᠵᠠᠰᠠᠬᠤ᠂ ᠠᠮᠤᠷ ᠳᠦᠪᠰᠢᠨ ᠤ ᠠᠵᠢᠯ ᠤᠨ ᠰᠠᠭᠤᠷᠢ ᠵᠡᠷᠭᠡ ᠭᠤᠷᠪᠠᠨ ᠶᠡᠭᠡ ᠲᠠᠯ᠎ᠠ ᠳᠤ ᠴᠢᠭᠯᠡᠬᠦᠯᠦᠨ ᠠᠶᠢᠮᠠᠭ ᠬᠤᠲᠠ ᠶᠢᠨ ᠰᠤᠷᠭᠠᠨ ᠬᠦᠮᠦᠵᠢᠯ ︵ᠰᠤᠷᠭᠠᠨ ᠬᠦᠮᠦᠵᠢᠯ ᠪᠡᠶ᠎ᠡ ᠶᠢᠨ ᠲᠠᠮᠢᠷ︶᠎ ᠤᠨ ᠲᠤᠪᠴᠢᠶ᠎ᠠ ︵ᠳᠤᠮᠳᠠ ᠵᠡᠷᠭᠡ᠂ ᠳᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶᠎ ᠶᠢᠨ ᠬᠤᠭᠤᠷᠤᠨᠳᠤ᠂ ᠪᠦᠷᠢᠨ ᠮᠡᠷᠬᠡᠵᠢᠯ ᠤᠨ ᠠᠩᠭᠢ ᠶᠢᠨ ᠶᠡᠭᠡ ᠳᠡᠭᠡᠳᠤ ᠰᠤᠷᠭᠠᠭᠤᠯᠢ ᠵᠢᠴᠢ ᠲᠢᠩᠭᠢᠮ ᠳᠤ ᠬᠠᠷᠢᠶᠠᠯᠠᠭᠳᠠᠬᠤ ᠳᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠭᠤᠷᠤᠨᠳᠤ ᠬᠠᠷᠢᠯᠴᠠᠨ ᠪᠠᠶᠢᠴᠠᠭᠠᠬᠤ ᠠᠵᠢᠯ ᠦᠷᠨᠢᠬᠦᠯᠵᠡᠢ᠃ ᠡᠯ᠎ᠡ ᠭᠠᠵᠠᠷ ᠡᠯ᠎ᠡ ᠰᠤᠷᠭᠠᠭᠤᠯᠢ ᠶᠢᠨ ᠬᠢᠨ ᠠᠮᠤᠷ ᠳᠦᠪᠰᠢᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠶᠤᠯᠲᠠᠢ ᠬᠢᠮᠢ ᠶᠢᠨ ᠪᠤᠳᠠᠰ ︵ᠲᠤᠷᠰᠢᠯᠲᠠ ᠶᠢᠨ ᠲᠠᠰᠤᠭ︶᠎ ᠤᠨ ᠬᠠᠮᠢᠶᠠᠷᠤᠯᠲᠠ᠂ ᠵᠠᠮ ᠬᠠᠷᠢᠯᠴᠠᠭ᠎ᠠ ︵ᠰᠤᠷᠭᠠᠭᠤᠯᠢ ᠶᠢᠨ ᠲᠡᠷᠭᠡ︶᠎ ᠶᠢᠨ ᠠᠮᠤᠷ ᠳᠦᠪᠰᠢᠨ᠂ ᠰᠤᠷᠭᠠᠭᠤᠯᠢ ᠶᠢᠨ ᠬᠦᠷᠢᠶᠡᠨ ᠤ ᠰᠢᠲᠠᠮᠠᠬᠠᠢ ᠬᠡᠢ᠂ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠬᠦ᠂ ᠰᠤᠷᠭᠠᠭᠤᠯᠢ ᠶᠢᠨ ᠬᠦᠷᠢᠶᠡᠨ ᠎ ᠤ ᠪᠠᠷᠢᠯᠭ᠎ᠠ ᠶᠢᠨ ᠠᠵᠢᠯ᠂ ᠰᠤᠷᠭᠠᠭᠤᠯᠢ ᠶᠢᠨ ᠪᠠᠶᠢᠷᠢ ︵ᠦᠪᠡᠷᠲᠡᠬᠡᠨ ᠪᠠᠷᠢᠭᠰᠠᠨ ᠭᠡᠷ ᠪᠠᠶᠢᠰᠢᠩ︶᠎ ᠶᠢᠨ ᠠᠮᠤᠷ ᠳᠦᠪᠰᠢᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠤᠭᠤᠷᠢᠨ ᠤ ᠵᠠᠰᠠᠯᠲᠠ᠂ ᠵᠢᠭᠠᠨ ᠰᠤᠷᠭᠠᠬᠤ ᠴᠡᠭ ᠤᠨ ᠠᠮᠤᠷ ᠳᠦᠪᠰᠢᠨ ᠤ ᠬᠠᠮᠢᠶᠠᠷᠤᠯᠲᠠ᠂ ᠠᠮᠤᠷ ᠳᠦᠪᠰᠢᠨ ᠤ ᠬᠦᠮᠦᠵᠢᠯ᠂ ᠵᠠᠭᠤᠴᠢ ᠪᠠᠶᠢᠭᠤᠯᠤᠮᠵᠢ ᠶᠢᠨ ᠬᠠᠮᠢᠶᠠᠷᠤᠯᠲᠠ ︽ᠲᠤᠷᠭᠠᠬᠤ ᠠᠴᠠ ᠪᠢᠰᠢ ᠦᠯᠦ ᠵᠠᠰᠠᠬᠤ︾ ︽ᠬᠠᠤᠯᠢ ᠪᠤᠰᠤ ᠠᠵᠢᠯᠯᠠᠭ᠎ᠠ ᠳᠤ ᠴᠤᠬᠢᠯᠲᠠ ᠦᠭᠴᠤ ᠬᠠᠤᠯᠢ ᠠᠴᠠ ᠵᠦᠷᠢᠴᠡᠭᠰᠡᠳ ᠢ ᠰᠢᠢᠳᠬᠡᠬᠦ︾ ᠵᠡᠷᠭᠡ ᠲᠤᠰᠬᠠᠢ ᠠᠵᠢᠯᠯᠠᠭ᠎ᠠ ᠵᠢᠴᠢ ᠠᠷᠪᠠᠨ ᠳᠦᠷᠪᠡᠳᠦᠬᠡᠷ ᠲᠠᠪᠤᠨ ᠵᠢᠯ ᠤᠨ ᠲᠦᠯᠦᠪᠵᠢᠬᠦᠯᠬᠡ ᠶᠢᠨ ᠬᠤᠭᠤᠴᠠᠭᠠᠨ ᠳᠠᠬᠢ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠪᠠ ᠤᠯᠤᠰ ᠎ ᠤᠨ ᠠᠶᠤᠯᠭᠦᠢ ᠦᠢᠯᠡᠳᠪᠤᠷᠢᠯᠡᠯ ᠤᠨ ᠲᠦᠯᠦᠪᠵᠢᠬᠦᠯᠬᠡ ᠶᠢ ᠬᠡᠷᠡᠭᠵᠢᠬᠦᠯᠬᠦ ᠠᠷᠭ᠎ᠠ ᠬᠡᠮᠵᠢᠶ᠎ᠡ ᠵᠡᠷᠭᠡ 14 ᠲᠠᠯ᠎ᠠ ᠪᠠᠷ ᠠᠰᠠᠭᠤᠳᠠᠯ ᠤᠨ ᠳᠠᠯᠳᠠ ᠭᠡᠮ ᠢ ᠪᠠᠶᠢᠴᠠᠭᠠᠪᠠ  ᠃
 
ᠢᠷᠡᠯᠲᠡ᠄ ᠦᠪᠦᠷ ᠮᠤᠨᠭᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号