ᠰᠤᠷᠤᠭᠴᠢᠳ ᠤᠨ ᠡᠪᠡᠳᠴᠢᠯᠡᠭᠰᠡᠨ ᠬᠤᠭᠤᠴᠠᠭᠠᠨ ᠳᠠᠬᠢ ᠳᠠᠰᠬᠠᠯ ᠳᠤ ᠱᠠᠭᠠᠷᠳᠠᠯᠭ᠎ᠠ ᠲᠠᠯᠪᠢᠬᠤ ᠦᠬᠡᠢ ᠪᠠᠶᠢᠵᠤ ᠪᠤᠯᠤᠨ᠎ᠠ
ᠨᠡᠶᠢᠲᠡᠯᠡᠭᠰᠡᠨ ᠴᠠᠭ᠄
2023/12/12
    ᠤᠶᠢᠷ᠎ᠠ ᠳᠤ ᠰᠤᠷᠭᠠᠨ ᠬᠦᠮᠦᠵᠢᠯ ᠤᠨ ᠶᠠᠮᠤᠨ ᠠᠴᠠ ︽ᠡᠪᠤᠯ ᠤᠨ ᠤᠯᠠᠷᠢᠯ ᠳᠤ ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠪᠠᠭᠤᠯᠭᠠᠵᠤ᠂ ᠡᠯ᠎ᠡ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠰᠢᠰᠲ᠋ᠧᠮ ᠤᠨ ᠪᠠᠶᠢᠭᠤᠯᠤᠯᠲᠠ ᠪᠠᠨ ᠴᠢᠩᠭᠠᠳᠬᠠᠵᠤ᠂ ᠪᠠᠭᠰᠢ ᠰᠤᠷᠤᠭᠴᠢᠳ ᠢ ᠱᠠᠯᠠᠪᠳᠠᠭᠤᠯᠤᠨ ᠡᠳᠦᠷ ᠳᠤᠳᠤᠮ ᠤᠨ ᠬᠠᠮᠠᠭᠠᠯᠠᠯᠲᠠ ᠪᠠ ᠡᠷᠡᠭᠦᠯ ᠮᠠᠨᠳᠤ ᠶᠢᠨ ᠬᠢᠨᠠᠨ ᠬᠡᠮᠵᠢᠯᠲᠡ ᠎ ᠶᠢ ᠰᠠᠶᠢᠲᠤᠷ ᠬᠢᠯᠬᠡᠬᠦ ᠬᠡᠷᠡᠭᠲᠡᠢ ᠬᠡᠵᠤ ᠱᠠᠭᠠᠷᠳᠠᠪᠠ᠃     ᠮᠡᠳᠡᠭᠳᠡᠯ ᠳᠤ᠂ ᠡᠯ᠎ᠡ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ ᠰᠤᠷᠭᠠᠭᠤᠯᠢ ᠨᠤᠭᠤᠳ ᠠᠷᠭᠠᠴᠠᠭᠠᠬᠤ ᠳᠦᠰᠦᠯ ᠢᠶᠠᠨ ᠳᠡᠭᠦᠯᠳᠡᠷᠵᠢᠬᠦᠯᠵᠤ᠂ ᠰᠦᠯᠵᠢᠶᠡᠨ ᠳᠡᠭᠡᠷᠡᠬᠢ ᠪᠠ ᠬᠡᠪ ᠤᠨ ᠵᠢᠭᠠᠨ ᠰᠤᠷᠭᠠᠯᠲᠠ ᠶᠢ ᠡᠮᠬᠢ ᠵᠢᠷᠤᠮ ᠲᠠᠢ ᠵᠤᠯᠭᠠᠭᠤᠯᠬᠤ ᠶᠢ ᠰᠠᠶᠢᠲᠤᠷ ᠬᠢᠵᠤ᠂ ᠡᠪᠡᠳᠴᠢᠨ ᠠᠴᠠ ᠪᠤᠯᠵᠤ ᠬᠢᠴᠢᠶᠡᠯ ᠰᠠᠭᠠᠲᠠᠭᠰᠠᠨ ᠰᠤᠷᠤᠭᠴᠢ ᠶᠢ ᠵᠢᠯᠤᠭᠤᠳᠤᠨ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠠᠰᠢᠭᠯᠠᠨ ᠭᠡᠷ ᠲᠤ ᠨᠢ ᠰᠤᠷᠤᠯᠴᠠᠭᠤᠯᠵᠤ᠂ ᠬᠢᠴᠢᠶᠡᠯ ᠤᠷᠤᠬᠤ ᠪᠠᠭᠰᠢ ᠨᠠᠷ ᠤᠶᠢᠷ᠎ᠠ ᠶᠢᠨ ᠬᠤᠭᠤᠴᠠᠭᠠᠨ ᠤ ᠵᠢᠭᠠᠨ ᠰᠤᠷᠭᠠᠯᠲᠠ ᠶᠢᠨ ᠭᠤᠤᠯᠳᠠᠯᠭ᠎ᠠ ᠶᠢ ᠭᠡᠷ ᠤᠨ ᠠᠬᠠᠮᠠᠳ ᠲᠠᠢ ᠴᠠᠭ ᠲᠤᠬᠠᠢ ᠳᠤᠨᠢ ᠰᠤᠯᠢᠯᠴᠠᠬᠤ ᠬᠡᠷᠡᠭᠲᠡᠢ᠃ ᠠᠮᠢᠰᠬᠤᠯ ᠤᠨ ᠵᠠᠮ ᠤᠨ ᠡᠪᠡᠳᠴᠢᠨ ᠤ ᠤᠨᠴᠠᠯᠢᠭ ᠲᠠᠢ ᠤᠶᠠᠯᠳᠤᠭᠤᠯᠤᠨ᠂ ᠭᠡᠷ ᠤᠨ ᠠᠬᠠᠮᠠᠳ ᠢ ᠬᠦᠲᠦᠯᠦᠨ ᠵᠢᠯᠤᠭᠤᠳᠴᠤ ᠪᠠᠶᠢᠭᠠᠳ ᠡᠪᠡᠳᠴᠢᠯᠡᠭᠰᠡᠨ ᠰᠤᠷᠤᠭᠴᠢᠳ ᠢ ᠰᠠᠶᠢᠲᠤᠷ ᠡᠮᠨᠡᠨ ᠵᠠᠰᠠᠭᠤᠯᠬᠤ ᠪᠠ ᠠᠮᠠᠷᠠᠭᠤᠯᠵᠤ᠂ ᠰᠤᠷᠭᠠᠭᠤᠯᠢ ᠳᠤ ᠪᠠᠨ ᠪᠤᠴᠠᠵᠤ ᠬᠢᠴᠢᠶᠠᠯ ᠤᠷᠤᠬᠤ ᠲᠤᠬᠢᠷᠠᠭᠤᠯᠤᠯᠲᠠ ᠶᠢ ᠦᠨᠡᠨ ᠬᠦ ᠰᠢᠨᠵᠢᠯᠡᠬᠦ ᠤᠬᠠᠭᠠᠨᠴᠢ ᠪᠠᠷ ᠬᠢᠬᠦ ᠬᠡᠷᠡᠭᠲᠡᠢ ᠬᠡᠵᠤ ᠱᠠᠭᠠᠷᠳᠠᠪᠠ᠃     ᠮᠡᠳᠡᠭᠳᠡᠯ ᠢ ᠦᠨᠳᠦᠰᠦᠯᠡᠪᠡᠯ᠂ ᠡᠯ᠎ᠡ ᠭᠠᠵᠠᠷ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ ᠰᠤᠷᠭᠠᠭᠤᠯᠢ ᠨᠤᠭᠤᠳ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠵᠢᠴᠢ ᠪᠤᠰᠤᠳ ᠡᠪᠤᠯ ᠤᠨ ᠤᠯᠠᠷᠢᠯ ᠤᠨ ᠳᠠᠬᠤᠯ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠬᠡ ᠶᠢᠨ ᠤᠬᠠᠭᠤᠯᠭ᠎ᠠ ᠶᠢ ᠦᠷᠨᠢᠬᠦᠯᠵᠤ᠂ ᠪᠠᠭᠰᠢ ᠰᠤᠷᠤᠭᠴᠢᠳ ᠢ ᠬᠦᠲᠦᠯᠦᠨ ᠵᠢᠯᠤᠭᠤᠳᠴᠤ ᠪᠠᠶᠢᠭᠠᠳ ᠳᠠᠬᠤᠯ ᠡᠪᠡᠳᠴᠢᠨ ᠤ ᠤᠨᠴᠠᠯᠢᠭ ᠪᠠ ᠬᠤᠤᠷ ᠬᠦᠨᠦᠬᠡᠯ ᠢ ᠰᠢᠨᠵᠢᠯᠡᠬᠦ ᠤᠬᠠᠭᠠᠨᠴᠢ ᠪᠠᠷ ᠤᠶᠤᠨᠴᠢ ᠪᠠᠷ ᠲᠠᠨᠢᠭᠤᠯᠬᠤ ᠬᠡᠷᠡᠭᠲᠡᠢ᠃ ᠪᠠᠭᠰᠢ ᠰᠤᠷᠤᠭᠴᠢᠳ ᠎ ᠢ ᠬᠦᠳᠦᠯᠦᠨ ᠵᠢᠯᠤᠭᠤᠳᠴᠦ ᠪᠠᠶᠢᠭᠠᠳ ︽ᠬᠦᠮᠦᠨ ᠪᠦᠬᠦᠨ ᠦᠪᠡᠷ ᠤᠨ ᠡᠷᠡᠭᠦᠯ ᠮᠡᠨᠳᠦ ᠶᠢᠨ ᠢᠶᠠᠨ ᠨᠢᠬᠡᠳᠦᠭᠡᠷ ᠬᠠᠷᠢᠭᠤᠴᠠᠯᠭᠠᠲᠠᠨ︾ ᠪᠤᠯᠬᠤ ᠤᠶᠢᠯᠠᠭᠠᠭᠳᠠᠬᠤᠨ ᠢ ᠬᠦᠨᠵᠡᠬᠡᠶᠢᠷᠡᠬᠦᠯᠵᠤ᠂ ᠡᠳᠦᠷ ᠲᠤᠲᠤᠮ ᠤᠨ ᠠᠮᠢᠳᠤᠷᠠᠯ ᠳᠤᠮᠳᠠ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠬᠦᠵᠤ᠂ ᠭᠠᠷ ᠢᠶᠠᠨ ᠦᠷᠬᠦᠯᠵᠢ ᠤᠬᠢᠶᠠᠬᠤ᠂ ᠦᠷᠦᠬᠡᠨ ᠳᠡᠭᠡᠨ ᠰᠠᠯᠬᠢ ᠨᠡᠪᠲᠡᠷᠡᠬᠦᠯᠬᠦ ᠶᠢ ᠪᠠᠲᠤᠯᠠᠵᠤ᠂ ᠨᠡᠶᠢᠲᠡ ᠶᠢᠨ ᠰᠠᠪᠬ᠎ᠠ ᠬᠡᠷᠡᠭᠯᠡᠬᠦ᠂ ᠬᠤᠪᠢᠶᠠᠵᠤ ᠬᠤᠭᠤᠯᠠᠯᠠᠬᠤ ᠵᠡᠷᠬᠡ ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠠᠩᠬᠠᠷᠴᠤ᠂ ᠪᠤᠯᠪᠠᠰᠤᠷᠠᠯ ᠳᠤ ᠵᠤᠬᠢᠬᠤ ᠬᠡᠮᠵᠢᠶ᠎ᠡ ᠪᠠᠷ ᠤᠷᠤᠯᠴᠠᠨ᠂ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠨ ᠴᠢᠩᠭᠠᠷᠠᠭᠤᠯᠵᠤ᠂ ᠦᠪᠡᠷ ᠢ ᠎ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠬᠦᠯᠬᠦ ᠬᠡᠷᠡᠭᠲᠡᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠬᠡᠤᠬᠡᠳ ᠵᠠᠯᠠᠭᠤᠴᠤᠳ ᠪᠠᠭᠠᠴᠤᠳ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠠᠯᠳᠠᠪᠤᠷᠢᠲᠣ ᠲᠠᠭᠰᠢᠭᠤᠷ᠂ ᠠᠭᠤᠰᠬᠢᠨ ᠦᠷᠪᠢᠰᠦᠯ ᠤᠨ ᠪᠦᠮᠪᠦᠬᠡᠨ ᠪᠠᠺᠲ᠋ᠧᠷᠢ ᠵᠡᠷᠭᠡ ᠸᠠᠺᠼᠢᠨ ᠲᠠᠷᠢᠬᠤ ᠶᠢ ᠤᠬᠠᠭᠤᠯᠤᠨ ᠵᠢᠯᠤᠭᠤᠳᠬᠤ ᠠᠵᠢᠯ ᠢ ᠰᠠᠶᠢᠲᠤᠷ ᠬᠢᠵᠤ᠂ ᠲᠠᠷᠢᠯᠭ᠎ᠠ ᠶᠢᠨ ᠠᠮᠤᠷ ᠳᠦᠪᠰᠢᠨ ᠢ ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号