ᠮᠠᠨ ᠤ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ 2023 ᠣᠨ ᠤ ᠠᠷᠪᠠᠨ ᠳᠥᠷᠪᠡᠳᠦᠭᠡᠷ ᠤᠳᠠᠭᠠᠨ ᠤ ᠠᠵᠢᠯ ᠤᠨ ᠬᠤᠷᠠᠯ ᠵᠢᠴᠢ ᠵᠢᠯ ᠤᠨ ᠡᠴᠦᠰ᠂ ᠤᠨ ᠤ ᠡᠬᠢᠨ  ᠤ ᠠᠶᠤᠯᠭᠦᠶ ᠦᠢᠯᠡᠳᠪᠦᠷᠢᠯᠡᠯ  ᠤᠨ ᠶᠡᠭᠡ ᠵᠢᠭᠰᠠᠭᠠᠨ ᠪᠠᠶᠢᠴᠠᠭᠠᠯᠲᠠ᠂ ᠴᠡᠭᠴᠡᠯᠡᠨ ᠵᠠᠰᠠᠯᠲᠠ ᠶᠢᠨ ᠠᠵᠢᠯᠯᠠᠭᠠᠨ ᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/12
       12 ᠳ᠋ᠤᠭᠠᠷ ᠰᠠᠷ᠎ᠠ ᠶᠢᠨ 11 ᠤ ᠡᠳᠦᠷ᠂ ᠮᠠᠨ ᠤ ᠬᠤᠰᠢᠭᠤ ᠠᠶᠤᠯᠭᠦᠶ ᠦᠢᠯᠡᠳᠪᠦᠷᠢᠯᠡᠯ ᠤᠨ ᠵᠥᠪᠯᠡᠯ 2023 ᠣᠨ ᠤ ᠠᠷᠪᠠᠨ ᠳᠥᠷᠪᠡᠳᠦᠭᠡᠷ ᠤᠳᠠᠭᠠᠨ ᠤ ᠠᠵᠢᠯ ᠤᠨ ᠬᠤᠷᠠᠯ ᠵᠢᠴᠢ ᠵᠢᠯ ᠤᠨ ᠡᠴᠦᠰ ᠂  ᠵᠢᠯ ᠤᠨ ᠡᠬᠢᠨ ᠤ  ᠠᠶᠤᠯᠭᠦᠶ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ  ᠂ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ  ︾ ᠶᠢᠨ ᠲᠦᠷᠢᠮ ᠲᠣᠭᠲᠠᠭᠠᠯ ᠢ ᠤᠯᠠᠮᠵᠢᠯᠠᠨ ᠰᠤᠷᠤᠯᠴᠠᠵᠤ᠂ ︽ ᠮᠠᠨ ᠤ ᠬᠤᠰᠢᠭᠤᠨ ᠤ ᠵᠢᠯ ᠤᠨ ᠡᠴᠦᠰ ᠤᠨ ᠠᠮᠤᠷ ᠲᠦᠪᠰᠢᠨ ᠤ ᠬᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠤᠩᠰᠢᠨ ᠲᠠᠶᠢᠯᠪᠤᠷᠢᠯᠠᠬᠤ ᠶᠢᠨ ᠬᠠᠮᠲᠤ ᠵᠢᠯ ᠤᠨ ᠡᠴᠦᠰ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠳᠠᠬᠢᠨ ᠲᠣᠬᠢᠷᠠᠭᠤᠯᠵᠤ ᠪᠠᠶᠢᠷᠢᠯᠠᠭᠤᠯᠪᠠ᠃        ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠵᠠᠰᠠᠭ ᠤᠨ ᠤᠷᠳᠤᠨ ᠤ ᠳᠠᠷᠤᠭ᠎ᠠ ᠱᠤᠸᠠᠩ ᠪᠦᠦ᠂ ᠬᠤᠰᠢᠭᠤ  ᠵᠠᠰᠠᠭ ᠤᠨ ᠤᠷᠳᠤᠨ ᠤ ᠲᠡᠳ᠋ ᠳᠠᠷᠤᠭ᠎ᠠ  ᠠᠪᠤᠷᠠᠯ᠂ ᠶᠣᠣ ᠳ᠋ᠢ᠂ ᠬᠤᠤ ᠱᠢ ᠵᠢᠶᠧ ᠬᠤᠷᠠᠯ ᠳᠤ ᠣᠷᠣᠯᠴᠠᠪᠠ᠃        ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠦᠨᠳᠦ ᠨᠣᠴᠢᠲᠠᠢ ᠴᠢᠨᠠᠷ᠂ ᠨᠠᠷᠢᠨ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ  ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾  ᠲᠦᠷᠢᠮ ᠲᠣᠭᠲᠠᠭᠠᠯ ᠤᠳ ᠢ ᠦᠷᠭᠦᠯᠵᠢᠯᠡᠨ ᠰᠤᠷᠤᠯᠴᠠᠵᠤ᠂ ᠬᠠᠲᠠᠭᠤ ᠴᠢᠩᠭ᠎ᠠ ᠠᠷᠭ᠎ᠠ ᠬᠡᠮᠵᠢᠶ᠎ᠡ   ᠪᠠᠷ ᠵᠢᠯ ᠤᠨ ᠡᠴᠦᠰ  ᠂ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠵᠦ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠡᠪᠦᠯ ᠤᠨ ᠤᠯᠠᠷᠢᠯ ᠪᠠ ᠵᠢᠯ ᠤᠨ ᠰᠡᠭᠦᠯᠴᠢ ᠵᠢᠯ ᠤᠨ ᠡᠬᠢᠨ ᠤ ᠣᠨᠴᠠᠯᠢᠭ ᠲᠠᠢ ᠤᠶᠠᠯᠳᠤᠭᠤᠯᠤᠨ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ ᠭᠠᠯ ᠤᠨᠲᠠᠷᠠᠭᠠᠬᠤ᠂ ᠠᠶᠤᠯᠲᠠᠢ ᠳᠡᠯᠪᠡᠷᠡᠯᠲᠡ᠂ ᠰᠢᠲᠠᠮᠠᠬᠠᠢ ᠬᠡᠢ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ  ᠦᠷᠨᠢᠬᠦᠯᠦᠨ᠂ ᠠᠰᠠᠭᠤᠳᠠᠯ ᠤᠨ ᠰᠦᠪᠡᠭᠴᠢ ᠶᠢ ᠪᠦᠬᠦ ᠲᠠᠯ᠎ᠠ ᠪᠠᠷ ᠲᠦᠢᠯᠪᠤᠷᠢᠲᠠᠢ ᠪᠠᠶᠢᠴᠠᠭᠠᠵᠤ᠂  ᠴᠡᠭᠴᠡᠯᠡᠨ‌‍ᠰᠢᠢᠳᠪᠦᠷᠢᠯᠡᠬᠦ ᠠᠵᠢᠯ ᠢ ᠲᠦᠷᠦᠯ ᠬᠤᠪᠢᠶᠠᠨ ᠰᠠᠶᠢᠲᠤᠷ ᠬᠢᠬᠦ ᠬᠡᠷᠡᠭᠲᠡᠢ᠃ 2023 ᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠨᠠᠨ ᠰᠢᠯᠭᠠᠬᠤ ᠪᠠᠶᠢᠴᠠᠭᠠᠯᠲᠠ ᠶᠢ ᠤᠭᠲᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠨᠠᠨ ᠰᠢᠯᠭᠠᠬᠤ ᠪᠠᠷᠢᠮᠵᠢᠶ᠎ᠠ ᠶᠢ ᠬᠢᠨᠠᠮᠠᠭᠠᠶ ᠰᠤᠳᠤᠯᠤᠨ᠂ ᠣᠷᠬᠢᠭᠳᠠᠭᠰᠠᠨ   ᠠᠰᠠᠭᠤᠳᠠᠯ ᠢ ᠵᠦᠢᠯ ᠳᠠᠷᠠᠭᠠᠯᠠᠨ ᠪᠠᠶᠢᠴᠠᠭᠠᠨ ᠨᠥᠬᠦᠪᠥᠷᠢᠯᠡᠵᠦ᠂ ᠭᠡᠷᠡᠴᠢᠯᠡᠬᠦ ᠮᠠᠲ᠋ᠧᠷᠢᠶᠠᠯ ᠢ ᠲᠡᠭᠦᠯᠳᠡᠷᠵᠢᠭᠦᠯᠦᠨ᠂ ᠬᠢᠨᠠᠨ ᠰᠢᠯᠭᠠᠬᠤ ᠠᠵᠢᠯ ᠳᠤ ᠰᠠᠶᠢᠨ ᠬᠢᠷᠢ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃ ᠤᠳᠤᠷᠢᠳᠬᠤ ᠺᠠᠳ᠋ᠷ ᠠᠵᠢᠯ ᠤᠨ ᠪᠠᠶᠢᠷᠢ ᠳᠤ ᠭᠠᠷᠴᠤ ᠵᠢᠵᠢᠭᠦᠷᠯᠡᠬᠦ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢ ᠮᠡᠳᠡᠭᠦᠯᠬᠦ ᠲᠦᠷᠢᠮ ᠢ  ᠲᠦᠷᠢᠮᠵᠢᠬᠦᠯᠦᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠦᠭᠰᠢᠭᠦᠷᠢᠲᠦ ᠪᠠᠶᠢᠳᠠᠯ ᠭᠠᠷᠪᠠᠯ ᠲᠡᠷᠡ ᠳᠠᠷᠤᠶ ᠳᠤᠨᠢ  ᠬᠦᠷᠴᠦ ᠠᠷᠭᠠᠴᠠᠨ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ  ᠬᠡᠪᠡ᠃        ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂  ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠵᠢᠴᠢ ᠬᠠᠷᠢᠶ᠎ᠠ ᠣᠷᠣᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号