ᠵᠢᠩ ᠨᠧᠩ ᠰᠥᠨᠢᠳ ᠵᠡᠭᠦᠨ ᠬᠤᠰᠢᠭᠤᠨ ᠤ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠡ
ᠨᠡᠶᠢᠲᠡᠯᠡᠭᠰᠡᠨ ᠴᠠᠭ᠄
2023/12/12
       ᠬᠤᠶᠠᠷ ᠵᠢᠯ ᠭᠠᠷᠤᠶ ᠶᠢᠨ ᠪᠥᠲᠥᠭᠡᠨ ᠪᠠᠶᠢᠭᠤᠯᠤᠯᠲᠠ ᠪᠠᠷ ᠳᠡᠮᠵᠢᠨ᠂ ᠥᠪᠥᠷ ᠮᠣᠩᠭᠤᠯ ᠤᠨ ᠵᠢᠩ ᠨᠧᠩ ᠰᠥᠨᠢᠳ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠠᠴᠠ ᠪᠠᠯᠠ ᠣᠷᠣᠭᠤᠯᠤᠨ ᠪᠠᠶᠢᠭᠤᠯᠤᠭᠰᠠᠨ ᠵᠢᠩ ᠨᠧᠩ ᠴᠠᠭᠠᠨᠨᠠᠭᠤᠷ ᠤᠨ ᠴᠠᠬᠢᠯᠭᠠᠨ ᠦᠢᠯᠡᠳᠪᠦᠷᠢ ᠶᠢᠨ ᠰᠠᠯᠬᠢᠨ ᠬᠦᠴᠦᠨ  ᠤᠰᠤᠲᠥ᠋ᠷᠥᠭᠴᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ   ᠤᠨ ᠰᠦᠨᠢᠳ ᠵᠡᠭᠦᠨ ᠬᠤᠰᠢᠭᠤᠨ ᠤ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ 12 ᠳ᠋ᠤᠭᠠᠷ ᠰᠠᠷ᠎ᠠ ᠶᠢᠨ 8 ᠤ ᠡᠳᠦᠷ ᠂ 100 ᠰᠠᠤᠷᠢ ᠰᠠᠯᠬᠢᠨ ᠬᠦᠴᠦᠨ ᠤ ᠮᠠᠰᠢᠨ ᠪᠥᠬᠦ ᠪᠠᠭᠲᠠᠭᠠᠮᠵᠢ ᠪᠠᠷ ᠲᠣᠤᠷ ᠲᠤ ᠨᠡᠶᠢᠯᠡᠭᠦᠯᠬᠦ ᠶᠢ ᠪᠡᠶᠡᠯᠡᠭᠦᠯᠪᠡ᠃        ᠵᠢᠩ ᠨᠧᠩ ᠰᠦᠨᠢᠳ ᠵᠡᠭᠦᠨ ᠬᠤᠰᠢᠭᠤᠨ ᠤ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ  2021 ᠣᠨ ᠤ 12 ᠳ᠋ᠤᠭᠠᠷ ᠰᠠᠷ᠎ᠠ ᠳᠤ ᠰᠢᠯᠢ ᠶᠢᠨ ᠭᠤᠤᠯ ᠠᠶᠢᠮᠠᠭ ᠤᠨ ᠡᠨᠧᠷᠭᠢ ᠶᠢᠨ  ᠲᠤᠪᠴᠢᠶᠠᠨ ᠤ ᠬᠢᠨᠠᠨ ᠵᠥᠪᠰᠢᠶᠡᠷᠡᠯ ᠢ ᠤᠯᠵᠦ 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠵᠢᠴᠢ ᠴᠠᠬᠢᠯᠭᠠᠨ ᠬᠦᠷᠭᠡᠬᠦ ᠱᠤᠭᠤᠮ ᠢ ᠢᠵᠢ ᠪᠦᠷᠢᠳᠦᠭᠦᠯᠦᠨ ᠰᠢᠨ᠎ᠡ ᠪᠠᠷ ᠪᠠᠶᠢᠭᠤᠯᠵᠤ᠂ 220 ᠺᠢᠯᠣᠸᠠᠲ ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠪᠠᠷ ᠳᠠᠮᠵᠢᠨ ᠳᠠᠷᠤᠯᠲᠠ ᠶᠢ ᠳᠡᠭᠡᠭᠰᠢᠯᠡᠭᠦᠯᠦᠭᠰᠡᠨ ᠤ ᠳᠠᠷᠠᠭ᠎ᠠ᠂  ᠰᠢᠨ᠎ᠠ ᠪᠠᠷ ᠪᠠᠶᠢᠭᠤᠯᠤᠭᠰᠠᠨ ᠴᠠᠭᠠᠨᠨᠠᠭᠤᠷ  500 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠳᠤ ᠵᠠᠯᠭᠠᠵᠤ᠂ ᠳᠠᠬᠢᠨ  500 ᠺᠢᠯᠣᠸᠠᠲ ᠤᠨ ᠱᠤᠭᠤᠮ ᠢᠶᠠᠷ ᠳᠣᠯᠣᠨᠨᠠᠭᠤᠷ ᠤᠨ 1000kV ᠣᠨᠴᠠ ᠥᠨᠳᠥᠷ ᠬᠦᠴᠦᠳᠡᠯᠲᠦ ᠥᠷᠲᠡᠭᠡ ᠳᠤ  ᠵᠠᠯᠭᠠᠨ᠂ ᠰᠢᠯᠢ ᠶᠢᠨ ᠭᠤᠣᠯ ᠠᠶᠢᠮᠠᠭ—ᠱᠠᠨᠳᠦ᠋ᠩ ᠤᠨ 1000 ᠺᠢᠯᠣᠸᠠᠲ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠳᠠᠮᠵᠢᠭᠤᠯᠤᠭᠴᠢ ᠶᠢᠨ ᠬᠡᠯᠬᠢᠶ᠎ᠡ ᠪᠠᠷ ᠳᠠᠮᠵᠢᠭᠤᠯᠤᠨ ᠭᠠᠳᠠᠭᠰᠢ  ᠬᠦᠷᠬᠡᠬᠦ ᠪᠤᠯᠤᠨ᠎ᠠ᠃        ᠴᠠᠬᠢᠯᠭᠠᠨ ᠥᠷᠲᠡᠭᠡ ᠶᠢᠨ ᠤᠷᠤᠭᠰᠢᠲᠠᠶ ᠠᠰᠢᠭᠯᠠᠯᠲᠠ ᠳᠤ ᠣᠷᠣᠬᠤ ᠶᠢ ᠪᠠᠲᠤᠯᠠᠬᠤ ᠶᠢᠨ ᠲᠥᠯᠥᠭᠡ᠂ ᠥᠪᠥᠷ ᠮᠣᠩᠭᠤᠯ ᠤᠨ ᠵᠢᠩ ᠨᠧᠩ ᠰᠦᠨᠢᠳ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠰᠢᠨ᠎ᠡ ᠡᠨᠧᠷᠭᠢ ᠶᠢᠨ ᠲᠣᠤᠷ ᠲᠤ ᠨᠡᠶᠢᠯᠡᠭᠦᠯᠬᠦ ᠰᠢᠨ᠎ᠡ ᠲᠥᠷᠥ ᠶᠢᠨ ᠪᠣᠳᠣᠯᠭ᠎ᠠ᠂ ᠲᠤᠰᠬᠠᠶ ᠮᠡᠷᠭᠡᠵᠢᠯ ᠤᠨ ᠠᠵᠢᠯ ᠤᠨ ᠰᠢᠨ᠎ᠡ ᠱᠠᠭᠠᠷᠳᠠᠯᠭ᠎ᠠ ᠶᠢ ᠳᠠᠭᠠᠵᠤ᠂ ᠰᠠᠯᠬᠢᠨ ᠬᠦᠴᠦᠨ ᠤ ᠴᠠᠬᠢᠯᠭᠠᠨ ᠤ ᠲᠠᠯᠠᠪᠠᠶ ᠳᠤ ᠲᠣᠤᠷ ᠲᠤ ᠨᠡᠶᠢᠯᠡᠭᠦᠯᠬᠦ ᠡᠮᠦᠨᠡᠬᠢ ᠬᠤᠭᠤᠴᠠᠭᠠᠨ ᠤ ᠵᠢᠯᠣᠭᠤᠳᠣᠯᠭ᠎ᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠮᠡᠷᠭᠡᠵᠢᠯ ᠤᠨ  ᠪᠤᠯᠪᠠᠰᠤᠷᠠᠯ ᠥᠷᠨᠢᠭᠦᠯᠵᠦ᠂ ᠰᠠᠯᠬᠢᠨ ᠬᠦᠴᠦᠨ ᠤ ᠴᠠᠬᠢᠯᠭᠠᠨ ᠤ ᠲᠠᠯᠠᠪᠠᠶ ᠳᠤ ᠵᠠᠯᠭᠠᠨ ᠣᠷᠣᠭᠤᠯᠵᠤ ᠬᠠᠮᠢᠶ᠎ᠠ ᠪᠥᠬᠦᠶ ᠮᠠᠲ᠋ᠧᠷᠢᠶᠠᠯ ᠢ ᠴᠤᠭᠯᠠᠭᠤᠯᠤᠨ ᠪᠦᠷᠢᠳᠬᠡᠬᠦ᠂ ᠬᠠᠮᠠᠭᠠᠯᠠᠵᠤ ᠬᠠᠷᠭᠤᠭᠤᠯᠤᠨ ᠪᠤᠳᠤᠬᠤ᠂ ᠡᠬᠢᠯᠡᠭᠦᠯᠬᠦ ᠲᠥᠰᠦᠯ ᠢ ᠬᠢᠨᠠᠨ ᠬᠠᠷᠭᠤᠭᠤᠯᠬᠤ ᠵᠡᠷᠭᠡ ᠠᠵᠢᠯ ᠢ ᠤᠷᠢᠳᠴᠢᠯᠠᠨ ᠥᠷᠨᠢᠭᠦᠯᠵᠦ᠂ ᠲᠥᠷᠥᠯ ᠵᠦᠢᠯ ᠢ ᠤᠷᠤᠭᠰᠢᠲᠠᠶ  ᠠᠰᠢᠭᠯᠠᠯᠳᠠ ᠳᠤ  ᠤᠷᠤᠬᠤ ᠳᠤ ᠭᠦᠢᠴᠡᠳ ᠪᠡᠯᠡᠳᠬᠡᠯ ᠬᠢᠪᠠ᠃        ᠲᠣᠰ ᠲᠥᠷᠥᠯ ᠵᠦᠢᠯ ᠨᠢ  ᠮᠠᠨ ᠤ ᠬᠤᠰᠢᠭᠤᠨ ᠤ 150 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠲᠥᠷᠥᠯ ᠵᠦᠢᠯ ᠤᠨ ᠠᠩᠬᠠᠳᠠᠭᠴᠢ ᠪᠥᠬᠦ ᠪᠠᠭᠲᠠᠭᠠᠮᠵᠢ ᠪᠠᠷ ᠢᠶᠠᠨ ᠲᠣᠣᠷ ᠲᠤ  ᠨᠡᠶᠢᠯᠡᠬᠦᠯᠦᠭᠰᠡᠨ ᠲᠥᠷᠥᠯ ᠵᠦᠢᠯ ᠪᠠᠶᠢᠵᠦ᠃ ᠵᠢᠩᠬᠢᠨᠢ ᠪᠠᠷ ᠠᠰᠢᠭᠯᠠᠯᠲᠠ ᠳᠤ ᠤᠷᠣᠭᠰᠠᠨ ᠤ ᠳᠠᠷᠠᠭ᠎ᠠ᠂ ᠵᠢᠯ ᠪᠦᠷᠢ ᠳᠡᠭᠰᠢᠳᠭᠡᠭᠡᠳ  14.36 ᠳ᠋ᠦᠩᠰᠢᠭᠤᠷ ᠺᠢᠯᠣᠸᠠᠲ ᠴᠠᠭ ᠤᠨ ᠴᠠᠬᠢᠯᠭᠠᠨ ᠢ ᠭᠠᠷᠭᠠᠵᠦ᠂ ᠵᠢᠯ ᠪᠦᠷᠢ ᠪᠠᠷᠢᠮᠵᠢᠶᠠᠲᠤ ᠨᠡᠭᠦᠷᠡᠰᠦ 42.86 ᠲᠦᠮᠡᠨ ᠲᠣᠨ  ᠠᠷᠪᠢᠯᠠᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 107.17 ᠲᠦᠮᠡᠨ ᠲᠣᠨ᠂ ᠬᠦᠬᠦᠷ ᠤᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 0.36 ᠲᠦᠮᠡᠨ ᠲᠣᠨ ᠪᠠᠭᠠᠰᠬᠠᠵᠤ᠂ ᠠᠽᠣᠲ ᠤᠨ ᠢᠰᠦᠯ ᠤᠨ ᠭᠠᠳᠠᠭᠰᠢᠯᠠᠭᠤᠯᠤᠯᠲᠠ ᠶᠢ 0.32 ᠲᠦᠮᠡᠨ ᠲᠣᠨ  ᠪᠠᠭᠠᠰᠬᠠᠨ᠂ ᠣᠲᠤᠭ᠎ᠠ ᠲᠣᠭᠤᠰᠣᠨ ᠤ ᠭᠠᠳᠠᠭᠰᠢᠯᠠᠭᠤᠯᠤᠯᠲᠠ ᠶᠢ 1.95 ᠲᠦᠮᠡᠨ ᠲᠣᠨ  ᠪᠠᠭᠠᠰᠬᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号