ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠯᠢ ᠴᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠪᠠ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2023/12/14
    ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 12 ᠤᠨ ᠴᠠᠭᠢᠯᠭᠠᠨ ᠮᠡᠳᠡᠭᠡ ᠲᠥᠪ ᠤᠨ ᠠᠵᠤ ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠬᠤᠷᠠᠯ ᠳᠤ ᠣᠷᠣᠯᠴᠠᠪᠠ᠃
   ᠲᠥᠪ ᠤᠨ ᠠᠵᠤ ᠠᠬᠤᠢ ᠶᠢᠨ ᠠᠵᠢᠯ ᠤᠨ ᠬᠤᠷᠠᠯ 12 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠣᠣ ᠳ᠋ᠠ ᠸᠧᠢ ᠰᠡᠭᠦᠳᠡᠷᠯᠡᠪᠡ    ᠰᠢ ᠶᠢᠨ ᠫᠢᠩ ᠴᠢᠬᠤᠯᠠ ᠶᠠᠷᠢᠶᠠᠨ ᠳᠠᠭᠠᠨ 2023 ᠣᠨ ᠤ ᠠᠵᠤ ᠠᠬᠤᠢ ᠶᠢᠨ ᠠᠵᠢᠯ ᠢ ᠪᠦᠭᠦ ᠲᠠᠯ᠎ᠠ ᠪᠠᠷ ᠳ᠋ᠦᠩᠨᠡᠵᠦ ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠭᠦᠨᠵᠡᠭᠡᠢ ᠵᠠᠳᠠᠯᠵᠤ᠂ 2024 ᠣᠨ ᠤ ᠠᠵᠤ ᠠᠬᠤᠢ ᠶᠢᠨ ᠠᠵᠢᠯ ᠢ ᠰᠢᠰᠲ᠋ᠧᠮ ᠲᠠᠢ ᠪᠠᠶᠢᠷᠢᠯᠠᠭᠤᠯᠪᠠ᠃ ᠯᠢ ᠴᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃    ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤ ᠬᠤᠪᠢᠷᠠᠭᠰᠠᠨ ᠤ ᠳᠠᠷᠠᠭᠠᠬᠢ ᠠᠵᠤ ᠠᠬᠤᠢ ᠰᠡᠷᠭᠦᠨ ᠬᠥᠭᠵᠢᠭᠰᠡᠨ ᠨᠢᠭᠡ ᠵᠢᠯ ᠪᠣᠯᠣᠨ᠎ᠠ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ ᠶᠢ ᠲᠤᠯᠵᠤ᠂ ᠳᠣᠲᠣᠭᠠᠳᠤ ᠶᠢᠨ ᠬᠦᠴᠢᠷᠳᠡᠯ ᠢ ᠢᠯᠡᠨ ᠳᠠᠪᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠪᠠᠨ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠬᠦᠴᠦᠯᠡᠵᠦ᠂ ᠮᠠᠨ ᠤ ᠤᠯᠤᠰ ᠤᠨ ᠠᠵᠤ ᠠᠬᠤᠢ ᠰᠡᠷᠭᠦᠨ ᠰᠠᠶᠢᠵᠢᠷᠠᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠴᠠ ᠲᠠᠢ ᠪᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ ᠪᠣᠯᠵᠤ᠂ ᠥᠭᠡᠷᠡᠴᠢᠯᠡᠯᠲᠡ ᠨᠡᠭᠡᠭᠡᠯᠲᠡ ᠭᠦᠨᠵᠡᠭᠡᠶᠢᠷᠡᠨ ᠠᠬᠢᠵᠤ᠂ ᠠᠮᠤᠷ ᠲᠦᠪᠰᠢᠨ ᠬᠥᠭᠵᠢᠯᠲᠡ ᠶᠢᠨ ᠰᠠᠭᠤᠷᠢ ᠪᠠᠬᠢᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠡᠷᠴᠢᠮᠲᠡᠢ ᠪᠦᠲᠦᠮᠵᠢᠲᠡᠢ ᠪᠣᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠯᠬᠤᠮ ᠢ ᠠᠯᠬᠤᠵᠠᠢ ᠭᠡᠵᠦ ᠦᠵᠡᠪᠡ᠃    ᠬᠤᠷᠠᠯ ᠠᠴᠠ᠂ ᠠᠵᠤ ᠠᠬᠤᠢ ᠶᠢᠨ ᠰᠡᠷᠭᠦᠯᠲᠡ ᠰᠠᠶᠢᠵᠢᠷᠠᠯᠲᠠ ᠶᠢ ᠴᠢᠨᠠᠭᠰᠢᠳᠠ ᠠᠬᠢᠭᠤᠯᠬᠤ ᠳᠤ ᠵᠠᠷᠢᠮ ᠬᠦᠴᠢᠷᠳᠡᠯ ᠪᠣᠯᠣᠨ ᠥᠷᠢᠰᠦᠯᠳᠦᠭᠡᠨ ᠢ ᠢᠯᠠᠨ ᠳᠠᠪᠠᠭ᠋ᠤ ᠴᠢᠬᠤᠯᠠᠲᠠᠢ ᠪᠠᠶᠢᠨ᠎ᠠ᠂ ᠭᠤᠣᠯᠳᠠᠭᠤ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠢᠯ ᠲᠦᠷᠦᠯ ᠤᠨ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠭᠰᠡᠨ᠂ ᠨᠡᠶᠢᠭᠡᠮ ᠤᠨ ᠵᠢᠱᠢᠯᠲᠡ ᠪᠠᠭᠤᠷᠠᠢ ᠂ ᠠᠶᠤᠯ ᠲᠦᠭᠰᠢᠭᠦᠷᠢ ᠭᠡᠮ ᠰᠣᠭᠤᠭ ᠮᠥᠨ ᠨᠡᠯᠢᠶᠡᠳ ᠤᠯᠠᠨ ᠪᠠᠶᠢᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠤ ᠲᠦᠭᠵᠢᠷᠡᠯ ᠣᠷᠣᠰᠢᠵᠤ᠂ ᠭᠠᠳᠠᠭᠠᠳᠤ ᠣᠷᠴᠢᠨ ᠲᠣᠭᠤᠷᠢᠨ ᠤ ᠪᠤᠳᠤᠯᠢᠶᠠᠨᠲᠤ ᠴᠢᠨᠠᠷ᠂ ᠬᠦᠨᠳᠦ ᠬᠡᠴᠡᠭᠦᠦ ᠴᠢᠨᠠᠷ᠂ ᠲᠣᠬᠲᠠᠭᠠᠯᠲᠤ ᠪᠤᠰᠤ ᠴᠢᠨᠠᠷ ᠨᠡᠮᠡᠭᠳᠡᠵᠦ ᠪᠠᠶᠢᠨ᠎ᠠ᠃ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠡᠳᠡᠭᠡᠷ ᠠᠰᠠᠭᠤᠳᠠᠯ ᠢ ᠪᠦᠲᠦᠮᠵᠢᠲᠡᠢ ᠠᠷᠭᠠᠴᠠᠭᠠᠨ ᠰᠢᠢᠳᠪᠦᠷᠢᠯᠡᠬᠦ ᠬᠡᠷᠡᠭᠲᠡᠢ᠃ ᠶᠡᠷᠦᠩᠬᠡᠶᠢᠯᠡᠭᠡᠳ ᠦᠵᠡᠪᠡᠯ᠂ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠢᠭᠲᠠᠢ ᠨᠥᠬᠦᠴᠡᠯ ᠨᠢ ᠠᠰᠢᠭ ᠦᠭᠡᠢ ᠬᠦᠴᠦᠨ ᠵᠦᠢᠯ ᠠᠴᠠ ᠴᠢᠩᠭ᠎ᠠ ᠪᠠᠶᠢᠵᠤ᠂ ᠠᠵᠤ ᠠᠬᠤᠢ ᠰᠡᠷᠭᠦᠨ ᠰᠠᠶᠢᠵᠢᠷᠠᠬᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ ᠂ ᠢᠲᠡᠭᠡᠯ ᠵᠣᠷᠢᠭ ᠪᠠ ᠢᠲᠡᠭᠡᠯ ᠬᠦᠴᠦᠨ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠣᠶᠢᠷ᠎ᠠ ᠶᠢᠨ ᠵᠢᠯ ᠤᠨ ᠲᠤᠷᠰᠢ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠪᠦᠲᠦᠮᠵᠢᠲᠡᠶ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠴᠠᠭ ᠦᠶ᠎ᠡ ᠳᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠭᠦᠨᠵᠡᠭᠡᠶᠢᠷᠡᠭᠦᠯᠪᠡ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠤᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠵᠤ ᠠᠬᠤᠢ ᠶᠢᠨ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠡᠷᠬᠡᠪᠰᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠪᠦᠲᠦᠮᠵᠢᠲᠡᠶ ᠬᠡᠷᠡᠭᠴᠡᠭᠡ ᠶᠢ ᠬᠦᠴᠦᠯᠡᠨ ᠥᠷᠭᠡᠳᠬᠡᠬᠦ ᠲᠠᠯ᠎ᠠ ᠪᠠᠷ ᠬᠠᠮᠵᠢᠯᠴᠠᠨ ᠬᠦᠴᠦᠯᠡᠬᠦ ᠶᠢ ᠪᠠᠷᠢᠮᠲᠠᠯᠠᠵᠤ᠂ ᠭᠡᠲᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠪᠠ ᠬᠦᠴᠦᠷᠬᠡᠭ ᠶᠡᠭᠡ ᠦᠢᠯᠡᠳᠪᠦᠷᠢᠯᠡᠯ ᠤᠨ ᠴᠢᠳᠠᠪᠤᠷᠢ ᠶᠢᠨ ᠳᠠᠪᠠᠭᠤᠯᠢᠭ ᠢ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠳᠣᠲᠣᠭᠠᠳᠤ ᠬᠡᠷᠡᠭᠴᠡᠭᠡ ᠶᠢᠨ ᠭᠤᠣᠯ ᠬᠥᠳᠡᠯᠭᠡᠬᠦ ᠬᠦᠴᠦᠨ ᠤ ᠰᠠᠭᠤᠷᠢᠨ ᠳᠡᠭᠡᠷ᠎ᠡ ᠪᠠᠶᠢᠭᠤᠯᠵᠤ᠂ ᠣᠯᠠᠨ ᠤᠯᠤᠰ ᠤᠨ ᠣᠷᠴᠢᠯ ᠤᠨ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠡᠷᠬᠡᠪᠰᠢ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠬᠤ ᠶᠢ ᠪᠠᠷᠢᠮᠲᠠᠯᠠᠵᠤ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ᠂ ᠨᠡᠶᠢᠭᠡᠮ ᠤᠨ ᠠᠮᠢᠵᠢᠷᠠᠯ ᠤᠨ ᠬᠦᠴᠦᠨ ᠢ ᠬᠥᠭᠵᠢᠭᠡᠨ ᠴᠢᠩᠭᠠᠷᠠᠭᠤᠯᠬᠤ ᠬᠡᠷᠡᠭᠲᠡᠢ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠰᠠᠶᠢᠨ ᠬᠤᠷᠰᠢᠯᠴᠠᠯ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠪᠠᠷ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠠᠬᠢᠭᠤᠯᠵᠤ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠬᠥᠭᠵᠢᠯᠲᠡ ᠪᠠ ᠠᠮᠤᠷ ᠲᠦᠪᠰᠢᠨ ᠢ ᠬᠥᠳᠡᠯᠦᠩᠭᠦᠢ ᠲᠡᠩᠴᠡᠭᠦᠷᠢᠲᠡᠢ ᠪᠠᠶᠢᠯᠭᠠᠵᠤ᠂ ᠬᠠᠮᠵᠢᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠬᠡᠷᠡᠭᠲᠡᠢ᠃ ᠡᠷᠬᠡᠪᠰᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠮᠤᠭ ᠤᠨ ᠶᠡᠭᠡ ᠤᠯᠤᠰ ᠲᠦᠷᠦ ᠪᠤᠯᠭᠠᠵᠤ᠂ ᠨᠠᠮ ᠤᠨ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠬᠠᠮᠤᠭ ᠤᠨ ᠥᠷᠭᠡᠨ ᠤᠯᠠᠨ ᠠᠷᠠᠳ ᠲᠦᠮᠡᠨ ᠲᠠᠢ ᠪᠦᠯᠬᠦᠮᠳᠡᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ ᠡᠨᠡ ᠬᠦ ᠭᠤᠣᠯ ᠠᠵᠢᠯ ᠪᠠ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠲᠥᠰᠥᠪ ᠢ ᠠᠯᠬᠤᠮ ᠠᠯᠬᠤᠮ ᠢᠶᠠᠷ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠦᠵᠡᠪᠡ᠃    ᠬᠤᠷᠠᠯ ᠠᠴᠠ᠂ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨ ᠬᠦ ᠨᠡᠮᠡᠭᠳᠡᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠶᠢᠨ ᠪᠠᠶᠢᠳᠠᠯ ᠢ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠢᠷᠡᠬᠦ ᠵᠢᠯ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠨ᠂ ᠵᠢᠱᠢᠯᠲᠡ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠳᠤ ᠠᠰᠢᠭᠲᠠᠢ ᠲᠥᠷᠥ ᠶᠢᠨ ᠪᠣᠳᠣᠯᠭ᠎ᠠ ᠶᠢ ᠢᠯᠡᠭᠦᠬᠡᠨ ᠭᠠᠷᠭᠠᠵᠤ᠂ ᠭᠡᠯᠪᠡᠷᠢ ᠶᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠢᠳᠡᠪᠬᠢᠲᠡᠢ ᠤᠷᠤᠭᠰᠢᠯᠠᠨ ᠳᠡᠪᠰᠢᠵᠦ᠂ ᠲᠣᠭᠲᠠᠭᠤᠨ ᠤ ᠳᠤᠮᠳᠠ ᠰᠠᠶᠢᠵᠢᠷᠠᠬᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠬᠤᠷᠸ᠎ᠠ ᠲᠦᠷᠦ ᠶᠢᠨ ᠪᠣᠳᠣᠯᠭ᠎ᠠ ᠶᠢᠨ ᠦᠶᠡᠯᠡᠯ ᠥᠭᠰᠥᠬᠦ ᠪᠠ ᠦᠶᠡᠯᠡᠯ ᠠᠯᠤᠰᠯᠠᠨ ᠲᠣᠬᠢᠷᠠᠭᠤᠯᠬᠤ ᠶᠢ ᠴᠢᠩᠭᠠᠳᠬᠠᠵᠤ᠂ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠪᠠ ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠰᠢᠨ᠎ᠡ ᠶᠢ ᠡᠭᠦᠳᠬᠦ ᠪᠠ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃    ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠨᠢ ᠵᠣᠬᠢᠰᠲᠠᠢ ᠬᠦᠴᠦᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢᠨ ᠣᠷᠣᠨ ᠵᠠᠢ ᠶᠢ ᠰᠠᠶᠢᠲᠤᠷ ᠬᠡᠷᠡᠭᠯᠡᠵᠦ᠂ ᠪᠡᠯᠡ ᠮᠥᠩᠭᠦ ᠶᠢᠨ ᠦᠷ᠎ᠡ ᠠᠰᠢᠭ ᠪᠠ ᠲᠦᠷᠦ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠳᠠᠬᠢ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠬᠥᠷᠥᠩᠭᠡ ᠮᠥᠩᠭᠦ ᠪᠣᠯᠭᠠᠨ ᠬᠡᠷᠡᠭᠯᠡᠬᠦ ᠬᠡᠪᠴᠢᠶ᠎ᠡ ᠶᠢ ᠵᠦᠢ ᠵᠣᠬᠢᠰᠲᠠᠢ ᠪᠠᠷ ᠥᠷᠭᠡᠳᠬᠡᠬᠦ ᠬᠡᠷᠡᠭᠲᠡᠢ᠃ ᠪᠦᠲᠦᠴᠡ ᠶᠢᠨ ᠴᠢᠨᠠᠷᠲᠠᠢ ᠪᠠᠷ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠬᠦ ᠦᠢᠯᠡᠰ ᠤᠨ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠬᠦ ᠬᠡᠷᠡᠭᠲᠡᠢ᠃ ᠰᠢᠯᠵᠢᠭᠦᠯᠦᠨ ᠲᠣᠭᠠᠴᠠᠭ᠎ᠠ ᠬᠢᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ᠃ ᠡᠳ᠋ ᠤᠨ ᠵᠠᠰᠠᠭ ᠤᠨ ᠦᠷᠭᠦᠯᠵᠢᠯᠡᠬᠦ ᠴᠢᠨᠠᠷ ᠢ ᠴᠢᠩᠭᠠᠳᠬᠠᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠨᠠᠮ ᠵᠠᠰᠠᠭ ᠤᠨ ᠪᠠᠶᠢᠭᠤᠯᠭ᠎ᠠ ᠠᠷᠪᠢᠯᠠᠵᠤ ᠠᠮᠢᠳᠤᠷᠠᠬᠤ ᠳᠠᠳᠬᠠᠯ ᠲᠠᠢ ᠪᠠᠶᠢᠬᠤ ᠬᠡᠷᠡᠭᠲᠡᠢ᠃    ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠵᠣᠬᠢᠰᠲᠠᠢ᠂ ᠤᠨᠤᠪᠴᠢᠲᠠᠢ ᠪᠥᠭᠡᠳ ᠪᠦᠲᠦᠮᠵᠢᠲᠡᠢ ᠪᠠᠶᠢᠯᠭᠠᠬᠤ ᠬᠡᠷᠡᠭᠲᠡᠢ᠃ ᠭᠦᠢᠯᠭᠡᠭᠡᠨ ᠤ ᠴᠢᠨᠠᠷ ᠤᠨ ᠵᠦᠢ ᠵᠣᠬᠢᠰᠲᠠᠢ ᠪᠥᠭᠡᠳ ᠭᠦᠢᠴᠡᠳ ᠪᠠᠶᠢᠬᠤ᠂ ᠨᠡᠶᠢᠭᠡᠮ ᠤᠨ ᠪᠡᠯᠡ ᠮᠥᠩᠭᠦ ᠴᠤᠭᠯᠠᠭᠤᠯᠬᠤ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢ ᠠᠵᠤ ᠠᠬᠤᠢ ᠶᠢᠨ ᠨᠡᠮᠡᠭᠳᠡᠯ ᠪᠠ ᠦᠨ᠎ᠡ ᠬᠠᠩᠰᠢ ᠶᠢᠨ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠬᠠᠷᠢᠯᠴᠠᠨ ᠵᠣᠬᠢᠴᠠᠯᠳᠤᠬᠤ ᠶᠢ ᠪᠠᠲᠤᠯᠠᠬᠤ ᠬᠡᠷᠡᠭᠲᠡᠢ᠃ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠳᠠᠪᠬᠤᠷ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠨᠥᠭᠡᠴᠡ ᠶᠢ ᠠᠮᠢᠳᠤᠯᠢᠭᠵᠢᠭᠤᠯᠵᠤ᠂ ᠦᠷ᠎ᠡ ᠠᠰᠢᠭ ᠢ ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ᠂ ᠪᠠᠭ᠎ᠠ ᠵᠢᠵᠢᠭ ᠠᠵᠤ ᠠᠬᠤᠶᠢᠯᠠᠯ ᠳᠤ ᠨᠡᠶᠢᠳᠡᠮ ᠠᠰᠢᠭ ᠬᠦᠷᠲᠡᠭᠡᠬᠦ᠂ ᠲᠣᠭᠠᠴᠢᠯᠠᠭᠰᠠᠨ ᠠᠵᠤ ᠠᠬᠤᠢ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠮᠥᠩᠭᠦ ᠴᠤᠭᠯᠠᠭᠤᠯᠬᠤ ᠥᠪᠡᠷ ᠤᠨ ᠥᠷᠲᠡᠭ ᠢ ᠲᠣᠭᠲᠠᠭᠤᠨ ᠤ ᠳᠤᠮᠳᠠ ᠪᠠᠭᠤᠷᠠᠭᠤᠯᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃    ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠡᠢ ᠴᠢᠨᠠᠷ ᠢ ᠴᠢᠩᠭᠠᠳᠬᠠᠬᠤ ᠬᠡᠷᠡᠭᠲᠡᠢ᠃ ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠠᠵᠤ ᠠᠬᠤᠢ ᠶᠢᠨ ᠪᠤᠰᠤ ᠴᠢᠨᠠᠷᠲᠠᠢ ᠲᠦᠷᠦ ᠶᠢᠨ ᠪᠣᠳᠣᠯᠭ᠎ᠠ ᠶᠢ ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷᠲᠠᠢ ᠦᠨᠡᠯᠡᠨ ᠵᠢᠱᠢᠯᠲᠡ ᠳᠤ ᠣᠷᠣᠭᠤᠯᠵᠤ᠂ ᠲᠦᠷᠦ ᠶᠢᠨ ᠪᠣᠳᠣᠯᠭ᠎ᠠ ᠶᠢᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠨ᠂ ᠠᠳᠠᠯᠢ ᠴᠢᠭᠯᠡᠯ ᠢᠶᠠᠷ ᠬᠦᠴᠦᠯᠡᠵᠦ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠤ ᠠᠬᠤᠢ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠴᠢᠩᠭᠠᠳᠬᠠᠵᠤ᠂ ᠳᠤᠮᠳᠠᠳᠤ ᠤᠯᠤᠰ ᠤᠨ ᠠᠵᠤ ᠠᠬᠤᠢ ᠭᠡᠭᠡᠨ ᠰᠠᠷᠠᠭᠤᠯ ᠤᠨᠤᠯ ᠢ ᠬᠠᠩᠭᠢᠨᠠᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠢᠷᠡᠬᠦ ᠵᠢᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠭᠤᠣᠯᠳᠠᠯᠭ᠎ᠠ ᠶᠢ ᠲᠣᠪᠤᠶᠢᠯᠭᠠᠨ ᠵᠠᠩᠭᠢᠯᠠᠭ᠎ᠠ ᠶᠢ ᠡᠵᠡᠮᠳᠡᠵᠦ᠂ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃    ᠨᠢᠭᠡ ᠳᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠢᠯᠠᠩᠭᠤᠶ᠎ᠠ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠣᠯᠣᠨ ᠬᠤᠰᠢᠭᠤᠷᠠᠯ ᠮᠡᠷᠭᠡᠵᠢᠯ ᠢᠶᠠᠷ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠰᠢᠨ᠎ᠡ ᠭᠡᠯᠪᠡᠷᠢ ᠶᠢᠨ ᠤᠯᠤᠰ ᠳᠠᠶᠠᠭᠠᠷᠴᠢᠯᠠᠬᠰᠠᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠶᠠᠰᠤ ᠴᠢᠨᠠᠷ ᠢᠶᠠᠷ ᠲᠤᠯᠭᠠᠭᠤᠷᠢᠯᠠᠬᠤ ᠪᠠ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠵᠦ᠂ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠠᠮᠢᠳᠤ ᠪᠣᠳᠠᠰ ᠤᠨ ᠦᠢᠯᠡᠳᠬᠡᠯ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ ᠠᠵᠤ ᠠᠬᠤᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠨᠦᠭᠦᠳ ᠢ ᠪᠤᠶ ᠪᠤᠯᠭᠠᠵᠤ᠂ ᠺᠸᠠᠨ᠋ᠲ᠂ ᠠᠮᠢ ᠨᠠᠰᠤᠨ ᠤ ᠰᠢᠨᠵᠢᠯᠡᠬᠦ ᠤᠬᠠᠭᠠᠨ ᠵᠡᠷᠭᠡ ᠢᠷᠡᠭᠡᠳᠦᠢ ᠶᠢᠨ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠲᠣᠭᠠᠨ ᠤ ᠤᠬᠠᠭᠠᠨ ᠪᠠ ᠣᠶᠤᠨ ᠤ ᠮᠡᠷᠭᠡᠵᠢᠯ᠂ ᠪᠣᠬᠢᠷᠳᠤᠯ ᠦᠭᠡᠢ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠬᠦ ᠬᠡᠷᠡᠭᠲᠡᠢ᠃ ᠬᠡᠷᠡᠭᠯᠡᠭᠡᠨ ᠤ ᠰᠠᠭᠤᠷᠢ ᠰᠤᠳᠤᠯᠭᠠᠨ ᠪᠠ ᠬᠤᠰᠢᠭᠤᠷᠠᠯ ᠰᠤᠳᠤᠯᠭᠠᠨ ᠢ ᠴᠢᠩᠭᠠᠳᠬᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠬᠡᠷᠡᠭᠲᠡᠢ᠃ ᠦᠢᠯᠡᠰ ᠪᠣᠰᠬᠠᠬᠤ ᠪᠡᠯᠡ ᠣᠷᠣᠭᠤᠯᠤᠯᠲᠠ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢ ᠬᠥᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃    ᠬᠤᠶᠠᠷ ᠲᠤ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ᠃ ᠲᠠᠯᠳᠠ ᠴᠢᠳᠠᠪᠤᠷᠢ ᠲᠠᠢ ᠬᠡᠷᠡᠭᠯᠡᠭᠡ ᠶᠢ ᠬᠥᠭᠵᠢᠭᠡᠵᠦ᠂ ᠦᠷ᠎ᠡ ᠠᠰᠢᠭ ᠲᠠᠢ ᠪᠡᠯᠡ ᠣᠷᠣᠭᠤᠯᠤᠯᠲᠠ ᠶᠢ ᠥᠷᠭᠡᠳᠬᠡᠨ᠂ ᠬᠡᠷᠡᠭᠯᠡᠭᠡ ᠪᠠ ᠪᠡᠯᠡ ᠣᠷᠣᠭᠤᠯᠤᠯᠲᠠ ᠶᠢᠨ ᠬᠠᠷᠢᠯᠴᠠᠨ ᠠᠬᠢᠭᠤᠯᠬᠤ ᠰᠠᠶᠢᠨ ᠣᠷᠴᠢᠯ ᠢ ᠪᠤᠢ ᠪᠤᠯᠭᠠᠬᠤ ᠬᠡᠷᠡᠭᠲᠡᠢ᠃ ᠬᠡᠷᠡᠭᠯᠡᠭᠡ ᠶᠢᠨ ᠬᠢᠵᠢᠭ ᠤᠨ ᠳᠠᠷᠠᠭᠠᠬᠢ ᠰᠡᠷᠭᠦᠯᠲᠡ ᠠᠴᠠ ᠦᠷᠭᠦᠯᠵᠢᠯᠡᠨ ᠥᠷᠭᠡᠳᠬᠦ ᠲᠡᠶᠢᠰᠢ ᠰᠢᠯᠵᠢᠭᠦ ᠶᠢ ᠠᠬᠢᠭᠤᠯᠵᠤ᠂ ᠰᠢᠨ᠎ᠡ ᠭᠡᠯᠪᠡᠷᠢ ᠶᠢᠨ ᠬᠡᠷᠡᠭᠯᠡᠭᠡ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠣᠭᠠᠴᠢᠯᠠᠭᠰᠠᠨ ᠬᠡᠷᠡᠭᠯᠡᠭᠡ᠂ ᠪᠣᠬᠢᠷᠳᠤᠯ ᠦᠭᠡᠢ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠶᠢ ᠶᠡᠭᠡ ᠪᠠᠷ ᠬᠥᠭᠵᠢᠭᠦᠯᠵᠦ᠂ ᠣᠶᠤᠨᠲᠤ ᠭᠡᠷ ᠤᠨ ᠬᠡᠷᠡᠭᠰᠡᠯ᠂ ᠰᠣᠶᠣᠯ ᠵᠢᠭᠤᠯᠴᠢᠯᠠᠯ᠂ ᠪᠡᠶ᠎ᠡ ᠶᠢᠨ ᠲᠠᠮᠢᠷ ᠤᠨ ᠤᠷᠤᠯᠳᠤᠭᠠᠨ᠂ ᠤᠯᠤᠰ ᠤᠨ ᠪᠠᠷᠠᠭᠠᠨ ᠤ ︽ᠴᠠᠭ ᠤᠨ ᠤᠷᠤᠰᠬᠠᠯᠲᠤ ᠦᠢᠯᠡᠳᠬᠦᠨ︾ ᠵᠡᠷᠭᠡ ᠰᠢᠨ᠎ᠡ ᠬᠡᠷᠡᠭᠯᠡᠭᠡᠨ ᠤ ᠨᠡᠮᠡᠭᠳᠡᠯ ᠤᠨ ᠴᠡᠭ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ᠃ ᠤᠯᠠᠮᠵᠢᠯᠠᠯᠲᠤ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠡᠯᠧᠺᠳ᠋ᠷᠣᠨ ᠦᠢᠯᠡᠳᠬᠦᠨ ᠵᠡᠷᠭᠡ ᠪᠥᠭᠡᠮ ᠲᠠᠸᠠᠷ ᠤᠨ ᠬᠡᠷᠡᠭᠯᠡᠭᠡ ᠶᠢ ᠬᠥᠭᠵᠢᠭᠦᠯᠬᠦ ᠬᠡᠷᠡᠭᠲᠡᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠤᠨ ᠬᠡᠪᠴᠢᠶ᠎ᠡ ᠶᠢ ᠥᠷᠭᠡᠳᠬᠡᠵᠦ᠂ ᠬᠡᠷᠡᠭᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ ᠮᠡᠷᠭᠡᠵᠢᠯ᠂ ᠡᠨᠧᠷᠭᠢ ᠶᠢᠨ ᠬᠤᠷᠣᠭᠳᠠᠯ᠂ ᠭᠠᠳᠠᠭᠰᠢᠯᠠᠭᠤᠯᠤᠯᠲᠠ ᠵᠡᠷᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ ᠪᠠᠷ ᠬᠥᠲᠥᠯᠥᠮᠵᠢ ᠪᠤᠯᠭᠠᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠨ ᠶᠡᠬᠡᠰᠬᠡᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ᠂ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ᠂ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠪᠡᠯᠡ ᠣᠷᠣᠭᠤᠯᠵᠤ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠬᠡᠷᠡᠭᠵᠢᠭᠦᠯᠵᠦ᠂ ᠨᠡᠶᠢᠭᠡᠮ ᠤᠨ ᠬᠥᠷᠥᠩᠭᠡ ᠶᠢᠨ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠳᠡᠮᠵᠢᠬᠦ ᠬᠡᠷᠡᠭᠲᠡᠢ᠃    ᠭᠤᠷᠪᠠ ᠳᠤ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ︽ᠬᠤᠶᠠᠷ ᠡᠷᠡᠰ ᠭᠤᠶᠢᠪᠢᠰᠢ ᠦᠭᠡᠢ︾ ᠶᠢᠨ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠣᠯᠯᠠᠬᠤ ᠴᠢᠳᠠᠮᠵᠢ ᠶᠢ ᠴᠢᠩᠭᠠᠳᠬᠠᠨ᠂ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠬᠦᠴᠦᠨ ᠵᠦᠢᠯ ᠢ ᠣᠯᠬᠤ᠂ ᠭᠤᠤᠯᠴᠢ ᠪᠠᠷ ᠬᠠᠤᠯᠢ ᠬᠡᠷᠡᠭᠵᠢᠭᠦᠯᠬᠦ᠂ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠨᠢᠭᠡ ᠪᠦᠯᠦᠭ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠳᠤᠮᠳᠠ ᠪᠠᠭ᠎ᠠ ᠠᠵᠤ ᠠᠬᠤᠶᠢᠯᠠᠯ ᠤᠨ ᠲᠤᠰᠬᠠᠢ ᠨᠠᠷᠢᠯᠢᠭ ᠣᠨᠴᠠᠭᠠᠢ ᠰᠢᠨ᠎ᠡ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠵᠦ᠂ ᠡᠯ᠎ᠡ ᠵᠦᠢᠯ ᠤᠨ ᠭᠡᠯᠪᠡᠷᠢ ᠶᠢᠨ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ ᠬᠡᠰᠡᠭᠯᠡᠯ ᠢ ᠬᠦᠴᠦᠯᠡᠨ ᠠᠷᠢᠯᠭᠠᠬᠤ ᠬᠡᠷᠡᠭᠲᠡᠢ᠃ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠥᠯᠥᠪᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠬᠡᠷᠡᠭᠲᠡᠢ᠃    ᠳᠥᠷᠪᠡ ᠳᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠬᠡᠷᠡᠭᠲᠡᠢ᠃ ᠭᠠᠳᠠᠭᠠᠳᠤ ᠠᠷᠠᠯᠵᠢᠶᠠᠨ ᠤ ᠰᠢᠨ᠎ᠡ ᠬᠥᠳᠡᠯᠭᠡᠬᠦ ᠡᠨᠧᠷᠭᠢ ᠶᠢ ᠲᠦᠷᠭᠡᠨ ᠪᠤᠶᠢᠵᠢᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠪᠠᠬᠢᠵᠢᠭᠦᠯᠵᠦ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ᠂ ᠦᠢᠯᠡᠴᠢᠯᠡᠭᠡᠨ ᠤ ᠠᠷᠠᠯᠵᠢᠶ᠎ᠠ᠂ ᠲᠣᠭᠠᠴᠢᠯᠠᠭᠰᠠᠨ ᠠᠷᠠᠯᠵᠢᠶ᠎ᠠ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠭᠠᠳᠠᠭᠠᠳᠤ ᠭᠠᠷᠭᠠᠯᠲᠠ ᠶᠢ ᠥᠷᠭᠡᠳᠬᠡᠬᠦ ᠬᠡᠷᠡᠭᠲᠡᠢ᠃ ᠴᠠᠭᠢᠯᠭᠠᠨ ᠬᠤᠯᠪᠤᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠴᠢᠯᠦᠭᠡᠲᠡᠢ ᠪᠤᠯᠭᠠᠵᠤ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠬᠠᠷᠭᠤᠭᠤᠯᠵᠤ᠂ ᠲᠤᠭ᠎ᠠ ᠪᠠᠷᠢᠮᠲᠠ ᠶᠢᠨ ᠬᠢᠯᠢ ᠠᠯᠤᠰᠯᠠᠨ ᠰᠢᠯᠵᠢᠭᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠡᠷᠬᠡ ᠲᠡᠭᠰᠢ ᠪᠠᠷ ᠣᠷᠤᠯᠴᠠᠬᠤ ᠵᠡᠷᠭᠡ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠠᠶᠢᠭᠤᠯᠵᠤ᠂ ︽ᠪᠡᠯᠡ ᠣᠷᠣᠭᠤᠯᠤᠯᠲᠠ ᠶᠢᠨ ᠳᠤᠮᠳᠠᠳᠤ ᠤᠯᠤᠰ︾ ᠤᠨ ᠲᠥᠷᠥᠯ ᠲᠡᠮᠳᠡᠭ ᠢ ᠪᠤᠶ ᠪᠤᠯᠭᠠᠬᠤ ᠬᠡᠷᠡᠭᠲᠡᠢ᠃ ᠭᠠᠳᠠᠭᠠᠳᠤ ᠶᠢᠨ ᠬᠥᠮᠥᠰ ᠤᠨ ᠳᠤᠮᠳᠠᠳᠤ ᠤᠯᠤᠰ ᠲᠤ ᠢᠷᠡᠵᠦ ᠠᠷᠠᠯᠵᠢᠶ᠎ᠠ ᠬᠢᠬᠦ᠂ ᠰᠤᠷᠤᠯᠴᠠᠬᠤ᠂ ᠵᠢᠭᠤᠯᠴᠢᠯᠠᠬᠤ ᠶᠢᠨ ᠲᠦᠭᠵᠢᠷᠡᠯ ᠢ ᠦᠨᠡᠨ ᠬᠦ ᠨᠡᠪᠲᠡᠷᠡᠭᠦᠯᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠳᠡᠮᠵᠢᠬᠦ ᠨᠠᠢᠮᠠᠨ ᠵᠦᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠰᠠᠶᠢᠲᠤᠷ ᠠᠳᠬᠤᠵᠤ᠂ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠠ ︽ᠪᠠᠭ᠎ᠠ ᠪᠤᠯᠪᠠᠴᠤ ᠪᠦᠷᠢᠨ ᠴᠢᠳᠠᠮᠵᠢᠲᠤ︾ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃    ᠲᠠᠪᠤ ᠳᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠢ᠃ ᠭᠡᠷ ᠭᠠᠵᠠᠷ ᠤᠨ ᠬᠥᠷᠥᠩᠭᠡ᠂ ᠣᠷᠣᠨ ᠨᠤᠲᠤᠭ ᠤᠨ ᠥᠷᠢ ᠥᠭᠴᠡᠭᠡ᠂ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠶᠢᠨ ᠠᠶᠤᠯ ᠲᠦᠭᠰᠢᠭᠦᠷᠢ ᠶᠢ ᠨᠢᠭᠡᠳᠦᠯᠲᠡᠢ ᠲᠥᠯᠥᠪᠵᠢᠭᠦᠯᠦᠨ ᠰᠢᠢᠳᠪᠦᠷᠢᠯᠡᠵᠦ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠭᠡᠷ ᠭᠠᠵᠠᠷ ᠤᠨ ᠬᠥᠷᠥᠩᠭᠡ ᠶᠢᠨ ᠠᠶᠤᠯ ᠲᠦᠭᠰᠢᠭᠦᠷᠢ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠷᠢᠯᠭᠠᠵᠤ᠂ ᠠᠳᠠᠯᠢ ᠪᠤᠰᠤ ᠥᠮᠴᠢᠯᠡᠯ ᠤᠨ ᠭᠡᠷ ᠭᠠᠵᠠᠷ ᠤᠨ ᠬᠥᠷᠥᠩᠭᠡ ᠶᠢᠨ ᠠᠵᠤ ᠠᠬᠤᠶᠢᠯᠠᠯ ᠤᠨ ᠵᠦᠢ ᠵᠣᠬᠢᠰᠲᠠᠢ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠶᠢ ᠨᠢᠭᠡ ᠯᠡ ᠠᠳᠠᠯᠢ ᠪᠠᠷ ᠬᠠᠩᠭᠠᠵᠤ᠂ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠪᠠᠲᠤᠯᠠᠪᠤᠷᠢ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ︽ᠡᠩ ᠤᠨ ᠪᠠ ᠪᠠᠴᠢᠮ ᠪᠠᠶᠢᠳᠠᠯ ᠳᠤ ᠵᠡᠷᠭᠡ ᠪᠠᠷ ᠬᠡᠷᠡᠭᠯᠡᠬᠦ︾ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠳᠠ ᠳᠤᠮᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠵᠡᠷᠭᠡ ︽ᠭᠤᠷᠪᠠᠨ ᠶᠡᠭᠡ ᠢᠨᠵᠧᠨᠧᠷᠢᠩ︾ ᠢ ᠲᠦᠷᠭᠡᠳᠬᠡᠨ ᠠᠬᠢᠭᠤᠯᠬᠤ ᠬᠡᠷᠡᠭᠲᠡᠢ᠃ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ ᠢ ᠲᠡᠭᠦᠯᠳᠡᠷᠵᠢᠭᠦᠯᠵᠦ᠂ ᠭᠡᠷ ᠭᠠᠵᠠᠷ ᠤᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ ᠬᠥᠭᠵᠢᠭᠦᠯᠬᠦ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠶᠢᠨ ᠲᠣᠮᠣ ᠮᠤᠵᠢ ᠦᠨᠡᠨ ᠬᠦ ᠴᠢᠬᠤᠯᠠ ᠡᠭᠦᠷᠭᠡ ᠶᠢ ᠡᠭᠦᠷᠭᠡᠯᠡᠵᠦ᠂ ᠪᠦᠭᠦ ᠤᠯᠤᠰ ᠤᠨ ᠠᠵᠤ ᠠᠬᠤᠢ ᠶᠢ ᠲᠣᠭᠲᠠᠪᠤᠷᠢᠵᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃    ᠵᠢᠷᠭᠤᠭ᠎ᠠ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠬᠤ ᠬᠡᠷᠡᠭᠲᠡᠢ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠪᠠᠲᠤ ᠡᠵᠡᠮᠳᠡᠵᠦ᠂ ︽ᠮᠢᠩᠭᠠᠨ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠪᠠᠷ ᠬᠤᠷᠢᠭ᠎ᠠ ᠱᠤᠭᠤᠮ ᠪᠤᠯᠭᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠮᠡᠳᠡᠷᠡᠵᠦ ᠬᠦᠷᠲᠡᠵᠦ ᠪᠣᠯᠬᠤᠶᠢᠴᠠ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ ᠠᠳᠬᠤᠵᠤ᠂ ᠠᠵᠢᠯᠯᠠᠵᠤ ᠠᠮᠢᠳᠤᠷᠠᠬᠤ ᠳᠤ ᠲᠣᠬᠢᠲᠠᠢ ᠪᠥᠭᠡᠳ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠠᠮᠤᠷ ᠲᠦᠪᠰᠢᠨ ᠤ ᠬᠠᠩᠭᠠᠯᠭ᠎ᠠ ᠶᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠮᠤᠵᠢ ᠶᠢᠨ ᠬᠤᠭᠤᠷᠣᠨᠳᠣᠭᠢ ᠬᠥᠨᠳᠡᠯᠡᠨ ᠴᠢᠭᠯᠡᠯ ᠤᠨ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠭᠦ ᠬᠡᠷᠡᠭᠲᠡᠢ᠃ ᠬᠠᠮ ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠤ᠂ ᠬᠥᠳᠡᠭᠡ ᠠᠵᠤ ᠠᠬᠤᠢ ᠶᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃    ᠳᠣᠯᠤᠭ᠎ᠠ ᠳᠤ ᠬᠤᠲᠠ ᠬᠥᠳᠡᠭᠡ ᠶᠢᠨ ᠠᠭᠤᠰᠤᠯᠴᠠᠯ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠡᠯ᠎ᠡ ᠲᠥᠷᠥᠯ ᠤᠨ ᠡᠯᠧᠮᠧᠨ᠋ᠲ ᠤᠨ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠵᠤ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠤᠲᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢᠰᠢᠬᠤ ᠳᠤ ᠲᠣᠬᠢᠷᠠᠮᠵᠢᠲᠠᠢ᠂ ᠤᠶᠠᠨ ᠬᠠᠲᠠᠨ ᠴᠢᠨᠠᠷᠲᠠᠢ᠂ ᠣᠶᠤᠨᠴᠢ ᠬᠤᠲᠠ ᠶᠢ ᠴᠣᠭᠴᠠᠯᠠᠨ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠤ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠭᠤᠣᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠣᠰᠣᠭᠠᠷ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠲᠡᠢ ᠠᠭᠤᠰᠤᠯᠴᠠᠬᠤ ᠪᠠ ᠦᠢᠯᠡᠴᠢᠯᠡᠬᠦ ᠬᠡᠷᠡᠭᠲᠡᠢ᠃ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠥᠷᠥᠴᠡ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠳᠠᠯᠠᠢ ᠲᠠᠩᠭᠢᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠳᠠᠯᠠᠢ ᠲᠠᠩᠭᠢᠰ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠡᠷᠡᠭᠲᠡᠢ᠃    ᠨᠠᠢᠮᠠ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠭᠦᠨᠵᠡᠭᠡᠢ ᠠᠬᠢᠭᠤᠯᠬᠤ ᠬᠡᠷᠡᠭᠲᠡᠢ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠥᠨᠳᠦᠷᠯᠢᠭ ᠢ ᠴᠣᠭᠴᠠᠯᠠᠬᠤ ᠬᠡᠷᠡᠭᠲᠡᠢ᠃ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠬᠦ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠬᠠᠮᠲᠤ ᠶᠢᠨ ᠣᠶ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠬᠢ ᠪᠠᠶᠠᠯᠢᠭ ᠢ ᠠᠷᠪᠢᠯᠠᠬᠤ ᠡᠷᠴᠢᠮᠵᠢᠭᠦᠯᠬᠦ ᠣᠷᠴᠢᠯᠳᠤᠭᠤᠯᠬᠤ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠴᠢᠩᠭᠠᠳᠬᠠᠵᠤ᠂ ᠡᠨᠧᠷᠭᠢ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃    ᠶᠢᠰᠦ ᠳᠤ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤᠯᠠᠵᠤ᠂ ᠣᠨᠣᠴᠠᠲᠠᠢ ᠪᠠᠲᠤᠯᠠᠵᠤ᠂ ᠪᠠᠲᠤ ᠪᠠᠬᠢ ᠪᠠᠲᠤᠯᠠᠬᠤ ᠬᠡᠷᠡᠭᠲᠡᠢ᠃ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠨᠠᠩ ᠳᠣᠪᠤᠶᠢᠯᠭᠠᠵᠤ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠭᠲᠠ ᠪᠥᠭᠡᠳ ᠪᠠᠲᠤ ᠰᠦᠯᠵᠢᠵᠦ᠂ ᠲᠡᠰ ᠳᠠᠪᠬᠤᠷᠭ᠎ᠠ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠪᠤᠭᠤᠷᠤᠯᠴᠤᠳ ᠤᠨ ᠠᠵᠤ ᠠᠬᠤᠢ ᠶᠢ ᠬᠥᠭᠵᠢᠭᠦᠯᠦᠨ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠶᠢ ᠭᠦᠨᠵᠡᠭᠡᠢ ᠣᠶᠢᠯᠠᠭᠠᠵᠤ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠢᠶᠠᠨ ᠦᠨᠡᠨ ᠬᠦ ᠴᠢᠩᠭᠠᠳᠬᠠᠵᠤ᠂ ᠠᠯᠢᠪᠠ ᠠᠰᠢᠭᠲᠠᠢ ᠴᠠᠭ ᠲᠣᠭᠢᠶᠠᠯ ᠢ ᠠᠮᠵᠢᠵᠤ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ᠂ ᠦᠵᠡᠵᠦ ᠲᠣᠭᠲᠠᠪᠠᠯ ᠱᠠᠯᠠᠪᠳᠠᠨ ᠬᠢᠵᠦ᠂ ᠢᠯᠡᠭᠦᠦ ᠬᠢᠵᠦ ᠳᠡᠶᠢᠯᠪᠡᠯ ᠢᠯᠡᠭᠦᠬᠡᠨ ᠬᠢᠵᠦ᠂ ᠲᠤᠰ ᠪᠡᠶ᠎ᠡ ᠶᠢᠨ ᠠᠵᠢᠯ ᠤᠨ ᠲᠣᠬᠲᠠᠭᠠᠯᠲᠤ ᠴᠢᠨᠠᠷ ᠢᠶᠠᠷ ᠪᠠᠶᠢᠳᠠᠯ ᠤᠨ ᠬᠤᠪᠢᠷᠠᠯᠲᠠ ᠶᠢᠨ ᠲᠣᠭᠲᠠᠪᠤᠷᠢ ᠦᠭᠡᠢ ᠴᠢᠨᠠᠷ ᠢ ᠠᠷᠭᠠᠴᠠᠭᠠᠬᠤ ᠪᠠᠷ ᠴᠢᠷᠮᠠᠶᠢᠬᠤ ᠬᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠬᠤᠷᠳᠤᠴᠠ ᠪᠣᠯᠣᠨ ᠶᠠᠰᠤ ᠴᠢᠨᠠᠷ᠂ ᠬᠤᠷᠸ᠎ᠠ ᠲᠤᠭ᠎ᠠ ᠪᠠᠷᠢᠮᠲᠠ ᠪᠣᠯᠣᠨ ᠬᠤᠮᠠᠬᠢ ᠲᠥᠷᠥᠭᠳᠡᠯ᠂ ᠠᠵᠤ ᠠᠬᠤᠢ ᠶᠢ ᠬᠥᠭᠵᠢᠭᠦᠯᠬᠦ ᠪᠣᠯᠣᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠭᠵᠢᠯᠲᠡ ᠪᠣᠯᠣᠨ ᠠᠮᠤᠷ ᠲᠦᠪᠰᠢᠨ ᠤ ᠬᠠᠷᠢᠴᠠᠭ᠎ᠠ ᠶᠢ ᠰᠠᠶᠢᠲᠤᠷ ᠡᠵᠡᠮᠰᠢᠨ ᠰᠢᠢᠳᠪᠦᠷᠢᠯᠡᠬᠦ ᠶᠢ ᠠᠩᠬᠠᠷᠴᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠪᠠᠶᠢᠳᠠᠯ ᠢ ᠳᠠᠰᠤᠷᠠᠯᠳᠠ ᠦᠭᠡᠢ ᠪᠠᠬᠢᠵᠢᠭᠦᠯᠦᠨ ᠴᠢᠩᠭᠠᠳᠬᠠᠬᠤ ᠬᠡᠷᠡᠭᠲᠡᠢ᠃ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠣᠨᠣᠪᠴᠢᠲᠠᠶ ᠡᠵᠡᠮᠳᠡᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠠᠮ ᠦᠢᠯᠡᠳᠦᠯ ᠢ ᠶᠡᠬᠡᠰᠬᠡᠵᠦ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯᠲᠡ ᠶᠢᠨ ᠲᠠᠯ᠎ᠠ ᠪᠠᠷ ᠤᠷᠢᠳᠴᠢᠯᠠᠭᠰᠠᠨ ᠬᠡᠮᠵᠢᠶ᠎ᠡ ᠶᠢ ᠰᠠᠶᠢᠲᠤᠷ ᠬᠢᠵᠦ᠂ ᠢᠯᠡᠭᠦᠴᠡ ᠬᠡᠮᠵᠢᠶ᠎ᠡ ᠶᠢ ᠦᠯᠡᠳᠡᠭᠡᠨ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠦᠨᠡᠯᠡᠬᠦ ᠲᠠᠯ᠎ᠠ ᠪᠠᠷ ᠪᠦᠲᠦᠮᠵᠢᠲᠡᠶ ᠴᠢᠨᠠᠷ ᠢ ᠴᠢᠬᠤᠯᠠᠴᠢᠯᠠᠵᠤ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠂ ᠬᠤᠷᠸ᠎ᠠ ᠲᠥᠷᠥ ᠶᠢᠨ ᠪᠣᠳᠣᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠠᠵᠢᠯ ᠢ ᠠᠬᠢᠭᠤᠯᠬᠤ ᠠᠷᠭ᠎ᠠ ᠭᠡᠯᠪᠡᠷᠢ ᠶᠢ ᠴᠢᠬᠤᠯᠠᠴᠢᠯᠠᠵᠤ᠂ ᠭᠤᠣᠯ ᠵᠥᠷᠢᠴᠡᠯ ᠢ ᠠᠳᠬᠤᠵᠤ᠂ ᠪᠣᠭᠤᠮᠢ ᠬᠢᠵᠠᠭᠠᠷᠯᠠᠯ ᠢ ᠰᠢᠪᠲᠤᠯᠵᠤ᠂ ᠤᠷᠢᠳᠠᠴᠢ ᠪᠠᠶᠢᠷᠢᠰᠢᠭᠤᠯᠤᠯᠲᠠ ᠶᠢ ᠴᠢᠬᠤᠯᠠᠴᠢᠯᠠᠵᠤ᠂ ᠢᠷᠡᠬᠦ ᠵᠢᠯ ᠤᠨ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠷᠡᠮᠡᠬᠡᠶᠢᠯᠡᠨ ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠮᠠᠭᠲᠠ ᠪᠠᠲᠤᠯᠠᠵᠤ᠂ ︽ᠤᠯᠤᠰ ᠤᠨ ᠶᠡᠭᠡ ᠶᠠᠪᠤᠳᠠᠯ︾ ᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠮᠵᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠬᠥᠲᠥᠯᠬᠦ ᠴᠢᠨᠠᠷ᠂ ᠬᠥᠰᠢᠭᠦᠷᠭᠡ ᠶᠢᠨ ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠶᠢ ᠢᠳᠡᠪᠬᠢᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠠᠵᠤ ᠠᠬᠤᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠠᠳᠬᠤᠵᠤ᠂ ᠡᠴᠦᠰ ᠤᠨ ᠦᠷ᠎ᠡ ᠪᠦᠲᠦᠮᠵᠢ ᠨᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠵᠣᠷᠢᠯᠲᠠ ᠳᠤ ᠨᠡᠶᠢᠴᠡᠬᠦ ᠶᠢ ᠪᠠᠲᠤᠯᠠᠬᠤ ᠬᠡᠷᠡᠭᠲᠡᠢ᠃ ᠡᠷᠡᠰ ᠰᠢᠭᠤᠷᠬᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠬᠢᠷᠠᠮᠵᠢᠲᠠᠢ ᠴᠠᠭ ᠲᠣᠬᠢᠷᠠᠮᠵᠢᠲᠠᠢ ᠬᠡᠮᠵᠢᠶ᠎ᠡ ᠦᠷ᠎ᠡ ᠪᠦᠲᠦᠮᠵᠢ ᠭᠠᠷᠭᠠᠬᠤ ᠶᠢ ᠨᠢᠭᠡᠳᠦᠯᠲᠡᠢ ᠲᠥᠯᠥᠪᠵᠢᠭᠦᠯᠦᠨ ᠡᠵᠡᠮᠳᠡᠬᠦ ᠬᠡᠷᠡᠭᠲᠡᠢ᠃ ᠦᠨᠡᠨ ᠪᠣᠳᠠᠲᠠᠢ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠬᠤ ᠬᠡᠷᠡᠭᠲᠡᠢ᠃ ᠵᠣᠷᠢᠭᠲᠠᠢ ᠪᠠᠷ ᠬᠢᠵᠦ ᠵᠢᠳᠬᠦᠯ ᠴᠢᠷᠮᠠᠶᠢᠯᠭ᠎ᠠ ᠭᠠᠷᠭᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠬᠠᠮᠲᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠵᠢᠯ ᠤᠨ ᠰᠡᠭᠦᠯᠴᠢ ᠣᠨ ᠤ ᠡᠬᠢᠨ ᠤ ᠴᠢᠬᠤᠯᠠ ᠠᠷᠠᠳ ᠤᠨ ᠠᠮᠢᠳᠤᠷᠠᠯ ᠤᠨ ᠲᠠᠸᠠᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠬᠥᠯᠥᠰᠦᠨ ᠲᠠᠷᠢᠶᠠᠴᠢᠨ ᠤ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠵᠤ᠂ ᠬᠦᠴᠢᠷᠳᠡᠯᠲᠡᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠠᠯᠠᠮᠵᠢᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠪᠦᠭᠦ ᠨᠠᠮ ᠢᠶᠠᠷ ᠢᠶᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠠᠵᠢᠯᠯᠠᠭ᠎ᠠ ᠪᠣᠯᠣᠨ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠰᠦᠭᠡᠢ ᠭᠡᠵᠦ ᠤᠷᠢᠶᠠᠯᠠᠪᠠ᠃    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃    ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠳᠠ ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃    
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号