ᠳᠠᠯᠠᠢ ᠰᠤᠮᠤ ᠬᠢᠯᠢ ᠶᠢᠨ ᠬᠠᠮᠠᠭᠠᠯᠠᠭᠴᠢ ᠶᠢᠨ ᠤᠬᠠᠭᠤᠯᠭ᠎ᠠ ᠦᠢᠯᠡᠴᠢᠯᠡᠭᠡᠨ ᠤ ᠠᠩᠬᠢ  ᠶᠢ ᠬᠠᠮᠢᠶᠠᠷᠤᠨ ᠡᠵᠡᠮᠳᠡᠬᠦ ᠶᠢᠨ ᠲᠠᠭᠠᠤ ᠰᠡᠷᠭᠡᠶᠢᠯᠡᠨ ᠵᠠᠰᠠᠬᠤ ᠶᠢᠨ ᠴᠢᠩᠭ᠎ᠠ ᠬᠦᠴᠦᠲᠡᠢ ᠦᠷ᠎ᠡ ᠪᠦᠲᠦᠮᠵᠢ ᠶᠢ ᠪᠠᠲᠠᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/12/22
     ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠤ ᠡᠬᠢ ᠪᠠᠶᠠᠯᠢᠭ ᠢ ᠠᠮᠢᠯᠠᠭᠤᠯᠬᠤ ᠶᠢᠨ ᠲᠤᠰᠠᠲᠠ᠂ ᠮᠠᠨ ᠤ ᠬᠤᠰᠢᠭᠤᠨ ᠤ ᠳᠠᠯᠠᠢ ᠰᠤᠮᠤᠨ ᠤ ᠪᠠᠶᠠᠠᠳᠤᠯᠠᠭᠠᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠬᠢᠨ ᠬᠠᠷᠢᠶᠠᠲᠤ ᠣᠷᠣᠨ ᠤ ᠪᠠᠨ 39 ᠬᠢᠯᠢ ᠶᠢᠨ ᠬᠠᠮᠠᠭᠠᠯᠠᠭᠴᠢ ᠶᠢ ᠵᠣᠬᠢᠶᠠᠨ ᠪᠠᠶᠢᠭᠤᠯᠵᠤ ᠬᠢᠯᠢ ᠶᠢᠨ ᠬᠠᠮᠠᠭᠠᠯᠠᠭᠴᠢ ᠶᠢᠨ 6 ᠤᠬᠠᠭᠤᠯᠭ᠎ᠠ ᠶᠢᠨ ᠦᠢᠯᠡᠴᠢᠯᠡᠭᠡᠨ ᠤ ᠠᠩᠬᠢ ᠶᠢ ᠪᠠᠶᠢᠭᠤᠯᠪᠠ᠃      ᠦᠢᠯᠡᠴᠢᠯᠡᠭᠡᠨ ᠤ ᠠᠩᠭᠢ ᠶᠢᠨ ᠬᠢᠨ ᠬᠢᠯᠢ ᠶᠢᠨ ᠬᠠᠮᠠᠭᠠᠯᠠᠭᠴᠢ ᠶᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠪᠠᠳᠠᠷᠠᠭᠤᠯᠵᠤ᠂ ᠬᠠᠷᠢᠶᠠᠲᠤ ᠣᠷᠣᠨ ᠤ ᠠᠮᠤᠷ ᠲᠦᠪᠰᠢᠨ ᠤ ᠪᠠᠶᠢᠳᠠᠯ ᠢ ᠰᠢᠨᠵᠢᠯᠡᠬᠦ ᠤᠬᠠᠭᠠᠨᠴᠢ ᠂ ᠵᠦᠢ ᠵᠣᠬᠢᠰᠲᠠᠶ ᠨᠢᠭᠡᠳᠦᠯᠲᠡᠶ ᠲᠥᠯᠥᠪᠯᠡᠵᠦ᠂ ᠬᠢᠯᠢ ᠶᠢᠨ ᠬᠠᠷᠢᠶ᠎ᠠ ᠣᠷᠣᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ᠂ ᠬᠢᠯᠢ ᠬᠢᠵᠠᠭᠠᠷ ᠢ ᠰᠠᠬᠢᠨ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠯᠴᠢᠨ ᠲᠦᠮᠡᠨ ᠳᠤ ᠤᠶᠢᠯᠡᠴᠢᠯᠠᠨ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠵᠢᠭᠤᠷᠠᠯᠳᠤᠭᠠᠨ ᠢ ᠰᠢᠢᠤᠨᠪᠥᠷᠢᠯᠠᠬᠦ ᠶᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ 39 ᠺᠢᠯᠤᠮᠧᠲᠷ ᠤᠨ ᠬᠢᠯᠢ ᠶᠢᠨ ᠱᠤᠭᠤᠮ ᠳᠡᠭᠡᠷ᠎ᠡ᠂ ᠬᠢᠯᠢ ᠶᠢᠨ ᠠᠵᠢᠭᠯᠠᠭᠴᠢ᠂ ᠮᠡᠳᠡᠭᠡ ᠵᠠᠩᠭᠢᠴᠢ᠂ ᠤᠷᠢᠳᠴᠢᠯᠠᠨ ᠰᠡᠷᠡᠮᠵᠢᠯᠡᠭᠦᠯᠦᠭᠴᠢ ᠶᠢᠨ ᠡᠭᠦᠷᠭᠡ ᠴᠢᠳᠠᠪᠤᠷᠢ ᠶᠢᠨ ᠤᠶᠢᠯᠡᠲᠤᠯ ᠢ ᠪᠠᠳᠠᠷᠠᠭᠤᠯᠵᠤ ᠬᠢᠯᠢ ᠬᠢᠵᠠᠭᠠᠷ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ ᠬᠠᠮᠠᠭᠠᠯᠠᠭᠴᠢ ᠪᠣᠯᠤᠭᠰᠠᠨ ᠪᠠᠶᠢᠨ᠎ᠠ᠃      ᠤᠶᠢᠯᠡᠴᠢᠯᠡᠭᠡᠨ ᠤ ᠠᠩᠭᠢ ᠶᠢᠨ ᠬᠢᠨ ᠬᠠᠷᠢᠶ᠎ᠠ ᠣᠷᠣᠨ ᠤ ᠪᠠᠨ ᠬᠥᠳᠡᠯᠦᠯ ᠪᠠᠶᠢᠳᠠᠯ ᠢ ᠴᠠᠭ ᠲᠤᠬᠠᠶ ᠳᠤᠨᠢ ᠡᠵᠡᠮᠳᠡᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠤᠲᠠᠭᠲᠠᠯ ᠢᠶᠠᠨ ᠨᠥᠬᠦᠪᠥᠷᠢᠯᠠᠨ᠂ ᠦᠨᠳᠦᠰᠦᠨ ᠱᠠᠲᠤᠨ ᠤ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠪᠦᠲᠦᠮᠵᠢ ᠶᠢ ᠰᠠᠶᠢᠲᠤᠷ ᠠᠳᠬᠤᠵᠤ᠂ ᠮᠠᠯᠴᠢᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠦ᠂ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠤᠷᠮᠠᠰᠢᠭᠤᠯᠤᠨ ᠵᠢᠯᠤᠭᠤᠤᠨᠴᠤ᠂ ᠣᠯᠠᠨ ᠲᠦᠮᠡᠨ ᠤ ᠴᠠᠭᠳᠠᠭ᠎ᠠ ᠳᠤ ᠮᠡᠳᠡᠭᠦᠯᠵᠦ ᠠᠪᠤᠷᠠᠨ ᠲᠤᠰᠠᠯᠠᠬᠤ᠂ ᠲᠦᠷᠭᠡᠨ ᠬᠦᠷᠭᠡᠯᠲᠡ ᠶᠢᠨ ᠪᠣᠭᠤᠳᠠᠯ ᠢ ᠣᠷᠣᠯᠠᠨ ᠬᠤᠷᠢᠶᠠᠵᠤ ᠬᠠᠳᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠡᠮᠴᠢᠯᠡᠭᠡᠨ ᠤ ᠪᠠᠲᠤᠯᠠᠭ᠎ᠠ᠂ ᠠᠮᠢᠳᠤᠷᠠᠯ ᠤᠨ ᠡᠳ᠋ ᠪᠣᠳᠠᠰ ᠢ ᠨᠥᠬᠦᠪᠥᠷᠢᠯᠡᠨ ᠬᠠᠩᠭᠠᠬᠤ ᠵᠡᠷᠭᠡ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠤᠶᠢᠯᠡᠴᠢᠯᠡᠭᠡ ᠶᠢ ᠰᠠᠶᠢᠲᠤᠷ ᠬᠢᠵᠤ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号