ᠪᠠᠶ᠋ᠬᠠᠭᠤᠯᠠ ᠰᠤᠮᠤ ᠮᠠᠯ ᠠᠵᠤ ᠠᠬᠤᠢ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/22
     ᠪᠦᠬᠦ ᠰᠤᠮᠤᠨ ᠤ ᠮᠠᠯ ᠠᠵᠤ ᠠᠬᠤᠢ ᠶᠢᠨ ᠭᠤᠤᠯᠳᠠᠯᠭ᠎ᠠ ᠲᠠᠢ ᠠᠵᠢᠯ ᠢ ᠯᠠᠪᠳᠠᠭᠤᠨ ᠪᠠᠳᠤᠲᠠᠢ ᠰᠠᠶᠢᠲᠤᠷ ᠬᠢᠵᠤ᠂ ᠡᠯ᠎ᠡ ᠵᠤᠶᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠠᠬᠢᠭᠤᠯᠬᠤ ᠶᠢᠨ ᠲᠤᠰᠠᠳᠠ᠂ 2023 ᠤᠨ ᠤ 12 ᠰᠠᠷ᠎ᠠ ᠶᠢᠨ 8 ᠤ ᠡᠳᠦᠷ᠂ ᠪᠠᠶ᠋ᠬᠠᠭᠤᠯᠠ ᠰᠤᠮᠤ ᠮᠠᠯ ᠠᠵᠤ ᠠᠬᠤᠢ ᠶᠢᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠪᠠ᠂ ᠰᠤᠮᠤᠨ ᠤ ᠤᠳᠤᠷᠢᠳᠬᠤ ᠪᠠᠭ ᠤᠨ ᠬᠡᠰᠢᠬᠦᠨ᠂ ᠭᠠᠴᠠᠭᠠᠨ ᠤ ︽ᠬᠤᠶᠠᠷ ᠵᠦᠪᠯᠡᠯ︾ ᠬᠤᠷᠠᠯ ᠳᠤ ᠤᠷᠤᠯᠴᠠᠵᠠᠢ᠃      ᠬᠤᠷᠠᠯ ᠳᠡᠭᠡᠷ᠎ᠡ᠂ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠤᠭᠠᠨ ᠤ ᠳᠠᠭᠠᠳᠬᠠᠯ᠂ ᠡᠪᠤᠯ ᠤᠨ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ᠂ 2024 ᠤᠨ ᠤ ᠬᠠᠪᠤᠷ ᠤᠨ ᠤᠯᠠᠷᠢᠯ ᠤᠨ ᠪᠡᠯᠴᠢᠭᠡᠷᠯᠡᠬᠦ ᠶᠢ ᠲᠦᠷ ᠵᠤᠭᠰᠤᠭᠠᠬᠤ ᠵᠡᠷᠭᠡ ᠭᠤᠤᠯᠳᠠᠯᠭ᠎ᠠ ᠲᠠᠢ ᠠᠵᠢᠯ ᠤᠨ ᠲᠠᠯ᠎ᠠ ᠪᠠᠷ ᠪᠤᠳᠠᠳᠠᠢ ᠪᠠᠶᠢᠷᠢᠯᠠᠭᠤᠯᠤᠯᠲᠠ ᠬᠢᠵᠠᠢ᠃      ᠬᠤᠷᠠᠯ ᠠᠴᠠ᠂ ᠨᠢᠬᠡ ᠳᠤ᠂ ᠮᠢᠬᠠᠨ ᠤ ᠬᠤᠨᠢᠨ ᠤ ᠴᠠᠭ ᠠᠭᠤᠷ ᠤᠨ ᠵᠢᠭᠠᠯᠲᠠ ᠲᠤᠭ᠎ᠠ ᠶᠢᠨ ᠳᠠᠭᠠᠳᠬᠠᠯ  ᠤᠨ ᠠᠵᠢᠯ ᠢ ᠦᠷᠬᠦᠯᠵᠢᠯᠡᠨ ᠠᠬᠢᠭᠤᠯᠵᠤ᠂ ᠮᠠᠯ ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠲᠡ ᠶᠢᠨ ᠲᠦᠭᠰᠢᠬᠦᠷᠢ ᠶᠢ ᠪᠠᠭᠠᠰᠬᠠᠨ ᠮᠠᠯ ᠠᠵᠤ ᠠᠬᠤᠢ ᠶᠢᠨ ᠳᠠᠭᠠᠳᠬᠠᠯ ᠤᠨ ᠴᠢᠬᠤᠯᠠ ᠴᠢᠳᠠᠪᠬᠢ ᠶᠢ ᠬᠦᠢᠴᠡᠳ ᠪᠠᠳᠠᠷᠠᠭᠤᠯᠵᠤ᠂ ᠦᠷᠬᠡᠨ ᠤᠯᠠᠨ ᠮᠠᠯᠴᠢᠨ ᠲᠦᠮᠡᠨ ᠤ ᠬᠤᠶᠢᠰᠢᠳᠠ ᠶᠢᠨ ᠵᠤᠪᠠᠨᠢᠯ ᠢ ᠰᠢᠢᠳᠪᠤᠷᠢᠯᠡᠵᠤ ᠦᠭᠬᠦ ᠬᠡᠷᠡᠭᠲᠡᠢ᠃ ᠬᠤᠶᠠᠷ ᠲᠤ᠂ ᠡᠪᠤᠯ ᠤᠨ ᠤᠯᠠᠷᠢᠯ ᠤᠨ ᠮᠠᠯ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠴᠢᠨᠠᠷ ᠢ ᠪᠠᠲᠤᠯᠠᠵᠤ᠂ ᠰᠤᠮᠤᠨ ᠤ ᠬᠠᠷᠢᠶᠠᠨ ᠳᠠᠬᠢ ᠪᠤᠢ ᠪᠦᠬᠦᠢ ᠮᠠᠯ ᠲᠡᠵᠢᠬᠡᠪᠤᠷᠢ ᠶᠢ ᠪᠦᠬᠦᠨ ᠢ ᠪᠦᠷᠢᠳᠬᠡᠨ᠂ ᠮᠠᠯ ᠤᠨ ᠲᠤᠭ᠎ᠠ ᠲᠣᠯᠣᠭᠠᠢ ᠶᠢ ᠤᠨᠤᠪᠴᠢᠲᠠᠢ ᠪᠠᠶᠢᠴᠠᠭᠠᠵᠤ ᠲᠤᠲᠤᠯᠠᠬᠤ ᠬᠡᠷᠡᠭᠲᠡᠢ᠃ ᠭᠤᠷᠪᠠ ᠳᠤ᠂ ᠡᠯ᠎ᠡ ᠭᠠᠴᠠᠭ᠎ᠠ ᠨᠢ ᠮᠠᠯᠴᠢᠳ ᠲᠤ ᠡᠪᠤᠯ ᠬᠠᠪᠤᠷ ᠤᠨ ᠤᠯᠠᠷᠢᠯ ᠤᠨ ᠡᠪᠡᠰᠤ ᠪᠡᠯᠴᠢᠬᠡᠷ ᠢ ᠨᠦᠬᠡᠴᠡᠯᠡᠬᠦ ᠠᠵᠢᠯ ᠢ ᠰᠠᠶᠢᠲᠤᠷ ᠬᠢᠬᠦ ᠶᠢ ᠰᠠᠨᠠᠭᠤᠯᠵᠤ᠂ ᠡᠷᠦᠬᠡ ᠳᠤ ᠤᠷᠤᠬᠤ᠂ ᠸᠢᠴᠠᠲ ᠪᠠᠷ ᠤᠬᠠᠭᠤᠯᠬᠤ ᠵᠡᠷᠭᠡ ᠠᠷᠭ᠎ᠠ ᠬᠡᠯᠪᠡᠷᠢ ᠪᠠᠷ ᠡᠪᠡᠰᠤ ᠪᠤᠷᠳᠤᠭᠠᠨ ᠤ ᠬᠡᠷᠡᠭᠴᠡᠭᠡ ᠱᠠᠭᠠᠷᠳᠠᠯᠭ᠎ᠠ ᠶᠢ ᠵᠤᠬᠢᠰᠲᠠᠢ ᠲᠦᠰᠦᠬᠡᠯᠡᠨ ᠪᠤᠳᠤᠵᠤ᠂ ᠮᠠᠯ ᠤᠨ ᠠᠮᠤᠷ ᠳᠦᠪᠰᠢᠨ ᠢᠶᠠᠷ ᠡᠪᠦᠯᠵᠢᠬᠦ ᠶᠢ ᠪᠠᠲᠤᠯᠠᠵᠤ᠂ 2024 ᠤᠨ ᠤ ᠬᠠᠪᠤᠷ ᠤᠨ ᠤᠯᠠᠷᠢᠯ ᠤᠨ ᠡᠪᠡᠰᠤ ᠪᠡᠯᠴᠢᠭᠡᠷ ᠢ ᠨᠤᠭᠤᠭᠠᠷᠠᠭᠤᠯᠬᠤ ᠬᠤᠭᠤᠴᠠᠭᠠᠨ ᠳᠠᠬᠢ ᠪᠡᠯᠴᠢᠭᠡᠷ ᠢ ᠰᠡᠷᠭᠦᠬᠡᠬᠦ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠦᠭᠬᠦ ᠬᠡᠷᠡᠭᠲᠡᠢ ᠬᠡᠵᠤ ᠱᠠᠭᠠᠷᠳᠠᠪᠠ᠃      ᠳᠠᠷᠠᠭᠠᠴᠢ ᠶᠢᠨ ᠠᠵᠢᠯ ᠤᠨ ᠳᠤᠮᠳᠠ᠂ ᠪᠠᠶ᠋ᠬᠠᠭᠤᠯᠠ ᠰᠤᠮᠤ ᠦᠷᠬᠦᠯᠵᠢᠯᠡᠨ ᠠᠵᠢᠯ ᠢᠶᠠᠨ ᠴᠢᠩᠭ᠎ᠠ ᠠᠳᠬᠤᠵᠤ᠂ ᠪᠤᠳᠠᠳᠠᠢ ᠪᠠᠷ ᠠᠳᠬᠤᠵᠤ᠂ ᠮᠠᠯ ᠠᠵᠤ ᠠᠬᠤᠢ ᠶᠢᠨ ᠵᠢᠴᠢ ᠡᠯ᠎ᠡ ᠵᠤᠶᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠰᠦᠨᠢᠳ ᠵᠡᠬᠦᠨ ᠬᠤᠰᠢᠭᠤᠨ ᠤ ᠪᠠᠶ᠋ᠬᠠᠭᠤᠯᠠ ᠰᠤᠮᠤᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号