ᠬᠤᠰᠢᠭᠤ ᠨᠠᠮ ᠤᠨ ᠬᠤᠷᠢᠶ᠎ᠠ ᠳᠠᠯᠠᠨ ᠨᠠᠢᠮᠠᠳᠤᠭᠠᠷ ᠤᠲᠠᠭᠠᠨ ᠤ ᠪᠠᠶᠢᠩᠭᠤ ᠶᠢᠨ ᠭᠡᠰᠢᠭᠦᠤᠨ ᠤᠨ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠬᠤᠶᠠᠳᠤᠭᠠᠷ ᠤᠲᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/24
     12 ᠳ᠋ᠤᠭᠠᠷ ᠰᠠᠷ᠎ᠠ ᠶᠢᠨ 13᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠬᠤᠰᠢᠭᠤ ᠨᠠᠮ ᠤᠨ ᠬᠤᠷᠢᠶᠠᠨ ᠤ ᠳᠠᠯᠠᠨ ᠨᠠᠢᠮᠠᠳᠤᠭᠠᠷ ᠤᠲᠠᠭᠠᠨ ᠤ ᠪᠠᠶᠢᠩᠭᠤ ᠶᠢᠨ ᠭᠡᠰᠢᠭᠦᠤᠨ ᠤᠨ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠬᠤᠶᠠᠳᠤᠭᠠᠷ ᠤᠲᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠣᠶᠢᠷ᠎ᠠ ᠎ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠎ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠶᠠᠳᠤᠭᠠᠷ᠂ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ  ᠶᠡᠷᠦᠩᠬᠡᠢ ᠱᠦᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠥᠭᠡᠷᠡᠴᠢᠯᠡᠯᠲᠡ ᠶᠢᠨ ᠡᠷᠴᠢ ᠵᠣᠷᠢᠭ ᠢᠶᠠᠨ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠠ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠤᠨ  ᠠᠬᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠭᠤᠣᠯᠳᠠᠯᠭ᠎ᠠ ᠶᠢ ᠲᠤᠪᠤᠶᠢᠯᠭᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ  ᠣᠯᠬᠤ ᠶᠢ ᠪᠠᠲᠤᠯᠠᠨ᠂ ᠠᠵᠢᠯ ᠤᠨ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠵᠤᠬᠢᠴᠠᠭᠤᠯᠵᠤ ᠲᠤᠬᠢᠷᠠᠭᠤᠯᠬᠤ ᠶᠢ ᠴᠢᠩᠭᠠᠳᠬᠠᠵᠤ᠂  ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠠᠵᠤ ᠠᠬᠤᠢ ᠨᠡᠶᠢᠭᠡᠮ ᠤᠨ  ᠥᠭᠡᠷᠡᠴᠢᠯᠡᠯᠲᠡ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠶᠢ ᠠᠬᠢᠭᠤᠯᠬᠤ ᠬᠡᠷᠡᠭᠲᠡᠢ ᠭᠡᠰᠠᠨ ᠪᠠᠶᠢᠨ᠎ᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ  ᠭᠡᠰᠢᠭᠦᠤᠨ  ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ᠂ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号